ᠵᠠᠷᠤᠳ ᠬᠤᠰᠢᠭᠤ 2025 ᠣᠨ ᠤ ᠰᠣᠳᠣᠨ ᠵᠢᠭᠤᠯᠴᠢᠯᠠᠯ ᠤᠨ ᠵᠠᠮᠨᠠᠬᠤ ᠱᠤᠭᠤᠮ ᠢ ᠲᠠᠨᠢᠯᠴᠠᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/22
                   ᠣᠷᠣᠨ ᠪᠦᠰᠡ ᠶᠢᠨ ᠰᠣᠶᠣᠯ ᠵᠢᠭᠤᠯᠴᠢᠯᠠᠯ ᠤᠨ ᠬᠠᠮᠵᠢᠯᠴᠠᠭᠠᠨ ᠤ ᠲᠠᠪᠴᠠᠩ ᠢ ᠪᠠᠶᠢᠭᠤᠯᠵᠤ᠂ ᠵᠠᠷᠤᠳ ᠲᠠᠯ᠎ᠠ ᠨᠤᠲᠤᠭ ᠤᠨ ᠵᠢᠭᠤᠯᠴᠢᠯᠠᠯ ᠤᠨ ᠰᠣᠳᠣᠨ ᠵᠠᠮᠨᠠᠬᠤ ᠱᠤᠭᠤᠮ ᠢ ᠬᠠᠮᠲᠤ ᠪᠠᠷ‌‍ᠲ᠋ᠡᠯᠭᠡᠷᠡᠭᠦᠯᠬᠦ ᠶᠢᠨ ᠲᠦᠯᠦᠭᠡ᠂ ᠬᠥᠭᠵᠢᠶᠡᠨᠲᠡᠶ ᠤᠯᠠᠷᠢᠯ ᠳᠤ ᠬᠦᠴᠦ ᠪᠠᠨ ᠬᠤᠷᠠᠮᠳᠤᠭᠤᠯᠤᠨ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ  ᠨᠡᠮᠡᠷᠢᠯᠡᠪᠡ᠃ 4 ᠰᠠᠷ᠎ᠠ ᠶᠢᠨ 19 ᠤ ᠡᠳᠦᠷ ᠠᠴᠠ 20  ᠤ ᠡᠳᠦᠷ ᠪᠣᠯᠲᠠᠯ᠎ᠠ ᠂ ᠵᠠᠷᠤᠳ ᠬᠤᠰᠢᠭᠤ ︽ᠥᠪᠥᠷ ᠮᠣᠩᠭᠤᠯ ᠢᠶᠠᠷ ᠠᠶᠠᠯᠠᠨ᠂ ᠵᠠᠷᠤᠳ ᠲᠤ ᠰᠡᠳᠬᠢᠯ ᠲᠡᠮᠡᠦᠯᠬᠦ︾ 2025 ᠣᠨ ᠤ ᠰᠣᠳᠣᠨ ᠵᠢᠭᠤᠯᠴᠢᠯᠠᠯ ᠤᠨ ᠵᠠᠮᠨᠠᠬᠤ ᠱᠤᠭᠤᠮ ᠢ ᠲᠠᠨᠢᠯᠴᠠᠭᠤᠯᠬᠤ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠳᠤ ᠮᠦᠭᠳᠡᠨ ᠬᠤᠲᠠ ᠶᠢᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠨᠡᠶᠢᠭᠡᠮᠯᠢᠭ᠂ ᠬᠤᠷᠴᠢᠨ ᠤ ᠦᠪᠡᠷ ᠢᠶᠠᠨ ᠲᠡᠷᠭᠡ ᠵᠣᠭᠠᠴᠠᠬᠤ ᠵᠢᠭᠤᠯᠴᠢᠯᠠᠯ ᠤᠨ ᠨᠡᠶᠢᠭᠡᠮᠯᠢᠭ ᠵᠢᠴᠢ ᠮᠦᠭᠳᠡᠨ᠂ ᠳ᠋ᠠᠯᠢᠶᠠᠨ ᠵᠡᠷᠭᠡ ᠭᠠᠵᠠᠷ ᠤᠨ ᠭᠤᠤᠯᠳᠠᠯᠭ᠎ᠠ ᠲᠠᠢ ᠵᠢᠭᠤᠯᠴᠢᠯᠠᠯ ᠤᠨ ᠺᠣᠮᠫᠠᠨᠢ᠂ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠤᠷᠢᠵᠤ ᠣᠷᠣᠯᠴᠠᠭᠤᠯᠪᠠ᠃ ᠳᠡᠳ᠋ ᠬᠤᠰᠢᠭᠤᠨ ᠳᠠᠷᠤᠭ᠎ᠠ ᠬᠤᠤ ᠵᠢᠶᠠᠨ ᠬᠤᠸᠠ ᠬᠤᠷᠠᠯ ᠳᠤ ᠣᠷᠣᠯᠴᠠᠵᠤ᠂ ᠬᠤᠰᠢᠭᠤᠨ ᠤ ᠰᠣᠶᠣᠯ ᠵᠢᠭᠤᠯᠴᠢᠯᠠᠯ ᠤᠨ ᠰᠢᠰᠲ᠋ᠧᠮ ᠵᠢᠴᠢ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ᠂ ᠵᠠᠷᠤᠳ ᠬᠤᠰᠢᠭᠤᠨ ᠤ ᠵᠢᠭᠤᠯᠴᠢᠯᠠᠯ ᠤᠨ ᠠᠵᠤ ᠠᠬᠤᠶᠢᠯᠠᠯ ᠤᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠪᠠ᠃
3fb510ae9c670ded05f9a211735263b.jpg
     ᠬᠤᠤ ᠵᠢᠶᠠᠨ ᠬᠤᠸᠠ ᠢᠯᠡᠷᠬᠡᠶᠢᠯᠡᠬᠦ ᠳᠡᠭᠡᠨ᠂ ᠵᠠᠷᠤᠳ ᠬᠤᠰᠢᠭᠤ ᠰᠣᠶᠣᠯ ᠵᠢᠭᠤᠯᠴᠢᠯᠠᠯ ᠤᠨ ᠦᠢᠯᠡᠰ ᠢ ᠬᠥᠭᠵᠢᠭᠦᠯᠬᠦ ᠥᠪᠡᠷᠮᠢᠴᠡ ᠳᠠᠪᠠᠭᠤᠯᠢᠭ ᠲᠠᠢ ᠶᠤᠮ᠃ ᠣᠶᠢᠷ᠎ᠠ ᠶᠢᠨ ᠵᠢᠯ ᠳᠤ᠂ ᠵᠠᠷᠤᠳ ᠬᠤᠰᠢᠭᠤ ︽ᠰᠣᠶᠣᠯ ᠢᠶᠠᠷ ᠬᠥᠲᠥᠯᠥᠨ ᠳᠠᠭᠠᠭᠤᠯᠬᠤ᠂ ᠲᠥᠷᠥᠯ ᠵᠦᠢᠯ ᠢᠶᠠᠷ ᠳᠠᠶᠢᠴᠢᠯᠠᠬᠤ᠂ ᠠᠭᠤᠰᠣᠯᠴᠠᠨ ᠨᠡᠪᠲᠡᠷᠡᠯᠴᠡᠬᠦ︾ ᠬᠥᠭᠵᠢᠯᠲᠡ ᠶᠢᠨ ᠰᠡᠳᠬᠢᠮᠵᠢ ᠶᠢᠨ ᠲᠣᠭᠤᠷᠢᠨ ᠳᠤ᠂ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠵᠢᠭᠤᠯᠴᠢᠯᠠᠯ ᠤᠨ ᠢᠵᠢ ᠪᠥᠷᠢᠳᠦᠭᠦᠯᠦᠭᠰᠡᠨ ᠦᠢᠯᠡᠴᠢᠯᠡᠭᠡᠨ ᠤ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ︽ᠬᠤᠷᠳᠣᠨ ᠬᠦᠷᠴᠦ ᠠᠭᠠᠵᠢᠭᠤ ᠵᠢᠭᠤᠯᠴᠢᠯᠠᠬᠤ︾ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠦᠨᠳᠦᠰᠦᠨ ᠳᠡᠭᠡᠨ ᠪᠡᠶᠡᠯᠡᠭᠦᠯᠪᠡ᠃ ᠲᠣᠰ ᠤᠳᠠᠭᠠᠨ ᠤ ᠲᠠᠨᠢᠯᠴᠠᠭᠤᠯᠬᠤ ᠠᠵᠢᠯᠯᠠᠭ᠎ᠠ ᠨᠢ ᠯᠢᠶᠣᠤᠨᠢᠩ ᠮᠤᠵᠢ ᠶᠢᠨ ᠵᠢᠭᠤᠯᠴᠢᠯᠠᠯ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠵᠠᠷᠤᠳ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠣ ᠰᠢᠨ᠎ᠡ ᠳᠦᠷᠰᠦ ᠪᠠᠶᠢᠳᠠᠯ ᠪᠠ ᠬᠥᠭᠵᠢᠯᠲᠡ ᠶᠢᠨ ᠡᠷᠡᠰ ᠵᠣᠷᠢᠭ ᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠲᠠᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠵᠠᠷᠤᠳ ᠬᠤᠰᠢᠭᠤᠨ ᠤ ᠵᠢᠭᠤᠯᠴᠢᠯᠠᠯ ᠤᠨ ᠡᠬᠢ ᠪᠠᠶᠠᠯᠢᠭ ᠤᠨ ᠳᠠᠯᠳᠠ ᠬᠦᠴᠦᠨ ᠢ ᠬᠠᠮᠲᠤ ᠪᠠᠷ ᠠᠭᠤᠳᠠᠯᠵᠤ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠥᠷᠳᠡᠬᠦ ᠶᠢ ᠦᠨᠡᠨ ᠰᠡᠳᠬᠢᠯ ᠠᠴᠠ ᠪᠠᠨ ᠬᠦᠰᠡᠵᠦ ᠪᠠᠶᠢᠨ᠎ᠠ ᠭᠡᠪᠡ᠃
ab31d3a6ac3761006eca621578283c4.jpg
     ᠰᠠᠭᠤᠳᠠᠯ ᠤᠨ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠵᠠᠷᠤᠳ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠢᠷᠡᠭᠡᠳᠦᠶ᠂ ᠬᠠᠮᠲᠤᠷᠠᠯᠴᠠᠭ᠎ᠠ ᠰᠣᠯᠢᠯᠴᠠᠭ᠎ᠠ ᠵᠡᠷᠭᠡ ᠲᠠᠯ᠎ᠠ ᠪᠠᠷ ᠭᠦᠨᠵᠡᠭᠡᠶ ᠰᠣᠯᠢᠯᠴᠠᠪᠠ᠃ ᠬᠤᠷᠠᠯ ᠳᠤ ᠣᠷᠣᠯᠴᠠᠭᠰᠠᠨ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ᠂ ᠲᠤᠰ ᠤᠳᠠᠭᠠᠨ ᠤ ᠠᠵᠢᠯᠯᠠᠭ᠎ᠠ ᠶᠢ ᠠᠰᠢᠭᠯᠠᠨ᠂ ᠵᠠᠷᠤᠳ ᠬᠤᠰᠢᠭᠤᠨ ᠳᠤ ᠨᠡᠩ ᠭᠦᠨᠵᠡᠭᠡᠶ ᠲᠠᠨᠢᠯᠲᠠ ᠲᠠᠢ ᠪᠣᠯᠵᠠᠶ᠃ ᠠᠳᠡᠬᠢ ᠭᠦᠨ ᠵᠤᠵᠠᠭᠠᠨ ᠲᠡᠦᠬᠡ ᠰᠣᠶᠣᠯ ᠤᠨ ᠠᠭᠤᠯᠤᠭᠳᠠᠬᠤᠨ ᠪᠠ ᠡᠯᠪᠡᠭ ᠪᠠᠶᠠᠯᠢᠭ ᠵᠢᠭᠤᠯᠴᠢᠯᠠᠯ ᠤᠨ ᠡᠬᠢ ᠪᠠᠶᠠᠯᠢᠭ ᠨᠢ ᠵᠤᠨ ᠤ ᠤᠯᠠᠷᠢᠯ ᠤᠨ ᠵᠢᠭᠤᠯᠴᠢᠯᠠᠯ ᠤᠨ ᠵᠠᠮᠨᠠᠬᠤ ᠱᠤᠭᠤᠮ ᠤᠨ ᠲᠥᠰᠦᠪᠯᠡᠯ ᠳᠤ ᠮᠠᠰᠢ ᠣᠯᠠᠨ ᠪᠣᠯᠤᠯᠴᠠᠭ᠎ᠠ ᠶᠢ ᠬᠠᠩᠭᠠᠪᠠ᠃ ᠪᠤᠴᠠᠵᠤ ᠢᠷᠡᠭᠰᠡᠨ ᠤ ᠳᠠᠷᠠᠭ᠎ᠠ᠂ ᠲᠡᠳᠡ ᠵᠤᠭᠠᠴᠠᠭᠰᠠᠳ ᠤᠨ ᠬᠡᠷᠡᠭᠴᠡᠭᠡ ᠶᠢ ᠦᠨᠳᠦᠰᠦᠯᠡᠨ᠂ ᠤᠯᠠᠨ ᠶᠠᠩᠵᠤᠲᠤ ᠬᠠᠮ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠤᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠵᠠᠷᠤᠳ ᠬᠤᠰᠢᠭᠤᠨ ᠤ ᠵᠢᠭᠤᠯᠴᠢᠯᠠᠯ ᠤᠨ ᠪᠦᠲᠦᠭᠡᠭᠳᠡᠬᠦᠨ ᠢ ᠰᠢᠨᠡᠴᠢᠯᠡᠵᠦ᠂ ᠨᠡᠩ ᠤᠯᠠᠨ ᠵᠤᠭᠠᠴᠠᠭᠰᠠᠳ ᠢ ᠲᠠᠲᠠᠵᠤ ᠵᠠᠷᠤᠳ ᠬᠤᠰᠢᠭᠤᠨ ᠳᠤ ᠲᠣᠭᠤᠷᠢᠨ ᠵᠤᠭᠠᠴᠠᠵᠤ᠂ ᠰᠡᠯᠡᠭᠦᠴᠡᠨ ᠠᠮᠠᠷᠠᠭᠤᠯᠵᠤ᠂ ᠵᠠᠷᠤᠳ ᠬᠤᠰᠢᠭᠤ ᠶᠢ ︽ᠥᠩᠭᠡᠷᠡᠬᠦ ᠵᠣᠭᠰᠣᠬᠤ ᠭᠠᠵᠠᠷ︾ ᠠᠴᠠ ᠬᠠᠯᠠᠮᠰᠢᠯ ᠲᠠᠢ ︽ᠵᠣᠷᠢᠭᠰᠠᠨ ᠭᠠᠵᠠᠷ︾ ᠪᠣᠯᠭᠠᠨ ᠬᠤᠪᠢᠷᠠᠭᠤᠯᠬᠤ ᠬᠠᠷᠠᠯᠲᠠ ᠶᠢ ᠪᠡᠶᠡᠯᠡᠭᠦᠯᠬᠦ ᠪᠣᠯᠤᠨ᠎ᠠ᠃
860f264c8004761f78f2cc84a744fa2.jpg
    ᠬᠤᠷᠠᠯ ᠳᠡᠭᠡᠷ᠎ᠡ᠂ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠵᠢᠭᠤᠯᠴᠢᠯᠠᠯ ᠤᠨ ᠠᠵᠤ ᠠᠬᠤᠶᠢᠯᠠᠯ ᠤᠨ ᠲᠥᠯᠥᠭᠡᠯᠡᠭᠴᠢ ᠶᠢ ᠲᠠᠰ ᠳᠠᠷᠠᠭᠠᠯᠠᠨ ᠲᠠᠨᠢᠯᠴᠠᠭᠤᠯᠪᠠ︔ ᠤᠷᠢᠭᠳᠠᠭᠰᠠᠨ ᠵᠢᠭᠤᠯᠴᠢᠯᠠᠯ ᠤᠨ ᠠᠵᠤ ᠠᠬᠤᠶᠢᠯᠠᠯ ᠤᠨ ᠲᠥᠯᠥᠭᠡᠯᠡᠭᠴᠢ ᠵᠠᠷᠤᠳ ᠬᠤᠰᠢᠭᠤᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠳᠤ ᠰᠠᠨᠠᠭᠤᠯᠭ᠎ᠠ ᠳᠤᠷᠠᠳᠪᠠ︔ ᠵᠠᠷᠤᠳ ᠬᠤᠰᠢᠭᠤ ᠪᠣᠯᠤᠨ ᠮᠦᠭᠳᠡᠨ ᠬᠤᠲᠠ ᠶᠢᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠨᠡᠶᠢᠭᠡᠮᠯᠢᠭ᠂ ᠳ᠋ᠠᠯᠢᠶᠠᠨ ᠤ ᠵᠢᠶᠠᠩ ᠬᠤ᠋ ᠥᠪᠡᠷ ᠢᠶᠠᠨ ᠲᠡᠷᠭᠡ ᠪᠠᠷᠢᠬᠤ ᠺᠯᠦᠪ ᠬᠤᠶᠠᠷ ᠲᠠᠯ᠎ᠠ ᠶᠢᠨ ᠰᠣᠶᠣᠯ ᠵᠢᠭᠤᠯᠴᠢᠯᠠᠯ ᠤᠨ ᠦᠢᠯᠡᠰ ᠤᠨ ᠰᠣᠯᠢᠯᠴᠠᠭ᠎ᠠ ᠬᠥᠭᠵᠢᠯᠲᠡ ᠶᠢᠨ ᠲᠤᠬᠠᠶ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号