ᠵᠠᠷᠣᠳ ᠬᠠᠷᠪᠤᠬ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢᠨ ᠲᠥᠷᠥᠯ ᠵᠦᠢᠯ ᠤᠨ ᠭᠡᠷ᠎ᠡ ᠲᠣᠭᠲᠠᠬᠤ ᠵᠢᠴᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠵᠢᠩᠬᠢᠨᠢ ᠪᠠᠷ ᠡᠬᠢᠯᠡᠭᠦᠯᠬᠦ ᠳᠠᠶᠢᠴᠢᠯᠠᠯᠲᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2025/4/24
      4 ᠰᠠᠷ᠎ᠠ ᠶᠢᠨ 22  ᠤᠨ ᠡᠳᠦᠷ᠂ ᠵᠠᠷᠣᠳ ᠬᠠᠷᠪᠣᠬ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡᠨ ᠤ ᠲᠥᠷᠥᠯ ᠵᠦᠢᠯ ᠤᠨ ᠭᠡᠷ᠎ᠡ ᠲᠣᠭᠲᠠᠬᠤ ᠵᠢᠴᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠵᠢᠩᠬᠢᠨᠢ ᠪᠠᠷ ᠡᠬᠢᠯᠡᠭᠦᠯᠬᠦ ᠳᠠᠶᠢᠴᠢᠯᠠᠯᠲᠠ ᠶᠢᠨ ᠬᠤᠷᠠᠯ ᠬᠢᠪᠡ᠃ ᠬᠤᠰᠢᠭᠤ ᠨᠠᠮ ᠤᠨ ᠬᠤᠷᠢᠶᠠᠨ ᠤ ᠱᠦᠵᠢ ᠱᠤᠤ ᠶᠠᠨ ᠵᠢᠶᠦ᠋ᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤᠨ ᠳᠠᠷᠤᠭ᠎ᠠ ᠪᠠᠲᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠤ᠋ ᠲᠢᠶᠧ ᠮᠢᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠰᠢᠨ ᠷᠦᠩ᠂ ᠳᠡᠳ᠋ ᠬᠤᠰᠢᠭᠤᠨ ᠳᠠᠷᠤᠭ᠎ᠠ ᠢᠦᠶ ᠬᠠᠶ ᠪᠦᠦ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠮᠦᠩᠭᠦᠨᠬᠤᠸᠠᠷ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠥᠲᠥᠭᠡᠨ ᠪᠠᠶᠢᠭᠤᠯᠤᠯᠲᠠ ᠶᠢᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠪᠦᠯᠦᠭᠯᠡᠯᠲᠦ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠶ ᠳᠠᠭᠠᠭᠠᠮᠠᠯ ᠵᠠᠩ ᠵᠢᠢ ᠫᠧᠩ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠥᠲᠥᠭᠡᠨ ᠪᠠᠶᠢᠭᠤᠯᠤᠯᠲᠠ ᠶᠢᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠪᠦᠯᠦᠭᠯᠡᠯᠲᠦ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠶᠡᠷᠦᠩᠬᠡᠶ ᠳᠠᠭᠠᠭᠠᠮᠠᠯ ᠡᠦ ᠱᠸᠤ ᠱᠠᠨ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠥᠲᠥᠭᠡᠨ ᠪᠠᠶᠢᠭᠤᠯᠤᠯᠲᠠ ᠶᠢᠨ ᠪᠦᠯᠦᠭᠯᠡᠯᠲᠦ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠶᠠᠩ ᠰᠢᠤᠢ ᠳ᠋ᠦᠩ᠂ ᠳᠤᠮᠳᠠᠳᠤ ᠤᠯᠤᠰ ᠤᠨ ᠤᠰᠤᠨ ᠠᠰᠢᠭᠯᠠᠯᠲᠠ ᠤᠰᠤᠨ ᠴᠠᠬᠢᠯᠭᠠᠨ ᠤ ᠠᠷᠪᠠᠨ ᠨᠢᠭᠡᠳᠦᠭᠡᠷ ᠢᠨᠵᠧᠨᠧᠷᠢᠩ ᠤᠨ ᠲᠣᠪᠴᠢᠶ᠎ᠠ ᠶᠢᠨ ᠳᠡᠳ᠋ ᠶᠡᠷᠦᠩᠬᠡᠶ ᠳᠠᠭᠠᠭᠠᠮᠠᠯ ᠯᠢ ᠵᠣᠣ ᠬᠤᠶ ᠬᠤᠷᠠᠯ ᠳᠤ ᠣᠷᠣᠯᠴᠠᠪᠠ
f4090bedfc38698f7c1b648598f4ece.jpg
     ᠲᠥᠷᠥᠯ ᠵᠦᠢᠯ ᠤᠨ ᠭᠡᠷ᠎ᠡ ᠲᠣᠭᠲᠠᠬᠤ ᠭᠤᠭᠴᠤᠭ᠎ᠠ ᠳᠤ᠂ ᠱᠤᠤ ᠶᠠᠨ ᠵᠢᠶᠦ᠋ᠨ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠢ ᠲᠥᠯᠥᠭᠡᠯᠡᠨ ᠵᠠᠷᠣᠳ ᠬᠠᠷᠪᠣᠭ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢᠨ ᠲᠥᠷᠥᠯ ᠵᠦᠢᠯ ᠤᠨ ᠭᠡᠷ᠎ᠡ ᠲᠣᠭᠲᠠᠭᠰᠠᠨ ᠳᠤ ᠬᠠᠯᠠᠭᠤᠨ ᠪᠠᠶᠠᠷ ᠬᠦᠷᠭᠡᠪᠡ᠃ ᠲᠡᠷᠡ ᠬᠡᠯᠡᠭᠰᠡᠨ ᠨᠢ᠂ ᠤᠢᠢᠷ᠎ᠠ ᠶᠢᠨ ᠵᠢᠯ ᠠᠴᠠ᠂ ᠵᠠᠷᠤᠳ ᠬᠤᠰᠢᠭᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠶᠢ ᠰᠠᠶᠢᠲᠤᠷ ᠪᠡᠶᠡᠯᠡᠭᠦᠯᠬᠦ ᠶᠢᠨ ᠲᠣᠭᠤᠷᠢᠨ ᠳᠤ᠂ ᠪᠦᠬᠦ ᠬᠤᠰᠢᠭᠤᠨ ᠤ ᠡᠯᠪᠡᠭ ᠪᠠᠶᠠᠯᠢᠭ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠤᠳᠤ ᠦᠶ᠎ᠡ ᠶᠢᠨ ᠰᠢᠨ᠎ᠡ ᠡᠨᠧᠷᠭᠢ᠂ ᠪᠣᠬᠢᠷᠲᠤᠯ ᠦᠭᠡᠢ ᠨᠡᠭᠦᠷᠡᠰᠦ ᠴᠠᠬᠢᠯᠭᠠᠨ ᠬᠦᠩᠭᠡᠨᠴᠠᠭᠠᠨ᠂ ᠰᠢᠨ᠎ᠡ ᠬᠡᠯᠪᠡᠷᠢ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠵᠡᠷᠭᠡ ᠭᠤᠣᠯᠯᠠᠬᠤ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠡᠬᠢ ᠪᠠᠶᠠᠯᠢᠭ ᠤᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠲᠡᠶᠢᠰᠢ ᠬᠤᠪᠢᠷᠠᠭᠤᠯᠬᠤ ᠶᠢ ᠬᠦᠴᠦᠲᠡᠢ ᠠᠬᠢᠭᠤᠯᠪᠠ᠃ ᠣᠲᠣ ᠪᠣᠯᠲᠠᠯ᠎ᠠ᠂ ᠪᠥᠬᠦ ᠬᠤᠰᠢᠭᠤᠨ ᠤ ᠰᠢᠨ᠎ᠡ ᠡᠨᠧᠷᠭᠢ ᠶᠢᠨ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ 256.5 ᠲᠦᠮᠡᠨ ᠬᠢᠯᠦᠸᠠᠲ ᠲᠤ ᠬᠦᠷᠴᠦ᠂ ᠪᠥᠬᠦ ᠮᠠᠰᠢᠨ ᠴᠣᠭᠴᠠᠯᠠᠪᠤᠷᠢ ᠶᠢᠨ 78.6% ᠶᠢ ᠡᠵᠡᠯᠡᠪᠡ︔ ᠴᠠᠬᠢᠯᠭᠠᠨ ᠢᠶᠠᠷ ᠵᠠᠳᠠᠯᠬᠤ ᠬᠦᠩᠭᠡᠨᠴᠠᠭᠠᠨ ᠤ ᠦᠢᠯᠡᠳᠪᠦᠷᠢᠯᠡᠬᠦ ᠴᠢᠳᠠᠪᠤᠷᠢ 38 ᠲᠦᠮᠡᠨ ᠲᠣᠨ᠂ ᠬᠦᠩᠭᠡᠨᠴᠠᠭᠠᠨ ᠤ ᠮᠠᠲ᠋ᠧᠷᠢᠶᠠᠯ ᠢ ᠨᠠᠷᠢᠯᠢᠭ ᠪᠣᠯᠪᠠᠰᠣᠷᠠᠭᠤᠯᠬᠤ ᠴᠢᠳᠠᠪᠤᠷᠢ 108 ᠲᠦᠮᠡᠨ ᠲᠣᠨ᠂ ᠶᠡᠷᠦᠩᠬᠡᠶᠢᠯᠡᠭᠰᠡᠨ ᠪᠣᠬᠢᠷᠳᠣᠯ ᠦᠭᠡᠢ ᠴᠠᠬᠢᠯᠭᠠᠨ ᠤ ᠡᠵᠡᠯᠡᠬᠦ ᠬᠠᠷᠢᠴᠠᠯ ᠨᠢ 80% ᠳᠤ ᠬᠦᠷᠦᠭᠰᠡᠨ ᠵᠠᠬᠠᠨᠠᠭᠤᠷ ᠬᠦᠩᠭᠡᠨᠴᠠᠭᠠᠨ ᠤ ᠬᠤᠶᠠᠳᠤᠭᠠᠷ ᠬᠤᠭᠤᠴᠠᠭᠠᠨ ᠤ 35 ᠲᠦᠮᠡᠨ ᠲᠣᠨ ᠪᠣᠬᠢᠷᠳᠣᠯ ᠦᠭᠡᠢ ᠴᠠᠬᠢᠯᠭᠠᠨ ᠬᠦᠩᠭᠡᠨᠴᠠᠭᠠᠨ ᠤ ᠲᠥᠷᠥᠯ ᠵᠦᠢᠯ ᠢ ᠪᠦᠬᠦ ᠲᠠᠯ᠎ᠠ ᠪᠠᠷ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ︔ ᠪᠥᠬᠦ ᠬᠤᠲᠠ ᠶᠢᠨ ᠰᠠᠭᠤᠷᠢ ᠲᠥᠬᠦᠭᠡᠷᠦᠮᠵᠢ ᠪᠠᠷ ᠬᠠᠮᠤᠭ ᠤᠨ ᠪᠦᠷᠢᠨ ᠲᠡᠭᠦᠯᠳᠡᠷ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠪᠠᠶᠢᠭᠤᠯᠵᠤ᠂ ᠨᠢᠭᠡ ᠪᠦᠯᠦᠭ ᠲᠣᠮᠣ ᠲᠥᠷᠥᠯ ᠵᠦᠢᠯ ᠢ ᠠᠮᠵᠢᠯᠲᠠ ᠲᠠᠢ ᠣᠷᠣᠭᠤᠯᠤᠨ ᠠᠪᠴᠢᠷᠠᠵᠤ᠂ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠲᠠᠰᠤᠷᠠᠯᠲᠠ ᠥᠬᠡᠶ ᠰᠢᠨ᠎ᠡ ᠣᠶᠢᠷ᠎ᠠ ᠪᠦᠲᠦᠮᠵᠢ ᠲᠠᠢ ᠪᠣᠯᠪᠠ᠃ ᠵᠠᠷᠣᠳ ᠬᠠᠷᠪᠣᠬ᠎ᠠ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢᠨ ᠲᠥᠷᠥᠯ ᠵᠦᠢᠯ ᠨᠢ ᠣᠷᠭᠢᠯ ᠢ ᠲᠣᠬᠢᠷᠠᠭᠤᠯᠬᠤ᠂ ᠹᠠᠰ ᠢ ᠲᠣᠬᠢᠷᠠᠭᠤᠯᠬᠤ᠂ ᠳᠠᠪᠲᠠᠮᠵᠢ ᠲᠣᠬᠢᠷᠠᠭᠤᠯᠬᠤ᠂ ᠰᠢᠰᠲ᠋ᠧᠮ ᠤᠨ ᠪᠡᠯᠡᠳᠭᠡᠯ᠂ ᠶᠡᠭᠡ ᠪᠠᠭᠲᠠᠭᠠᠮᠵᠢᠲᠤ ᠡᠨᠧᠷᠭᠢ ᠬᠠᠳᠠᠭᠠᠯᠠᠬᠤ᠂ ᠴᠠᠬᠢᠯᠭᠠᠨ ᠵᠣᠭᠰᠣᠭᠰᠠᠨ ᠤ ᠳᠠᠷᠠᠭ᠎ᠠ ᠭᠠᠳᠠᠨᠠᠬᠢ ᠲᠦᠭᠦᠭᠡᠷᠦᠮᠵᠢ ᠳᠤ ᠲᠦᠰᠢᠭᠯᠡᠬᠦ ᠦᠭᠡᠢ ᠪᠠᠷ ᠦᠪᠡᠷᠲᠡᠬᠡᠨ ᠴᠠᠬᠢᠯᠭᠠᠨ ᠭᠠᠷᠭᠠᠬᠤ ᠵᠡᠷ ᠬᠡᠷᠭᠡᠮ ᠵᠢᠷᠭᠤᠭᠠᠨ ᠶᠡᠭᠡ ᠴᠢᠳᠠᠮᠵᠢ ᠲᠠᠢ ᠪᠠᠶᠢᠵᠤ᠂ ᠡᠷᠬᠢᠨ ᠲᠣᠭᠤᠷᠢᠨ ᠤ ᠭᠠᠵᠠᠷ ᠣᠷᠣᠨ ᠤ ᠴᠠᠬᠢᠯᠭᠠᠨ ᠬᠦᠴᠦᠨ ᠤ ᠬᠠᠩᠭᠠᠯᠭ᠎ᠠ ᠶᠢᠨ ᠠᠮᠤᠷ ᠲᠦᠪᠰᠢᠨ᠂ ᠠᠵᠤ ᠠᠬᠤᠶ ᠶᠢᠨ ᠠᠵᠢᠯᠯᠠᠭᠠᠨ ᠤ ᠲᠣᠭᠲᠠᠭᠤᠨ ᠪᠠᠶᠢᠬᠤ ᠶᠢ ᠪᠠᠲᠤᠯᠠᠬᠤ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ᠂ ᠵᠠᠷᠤᠳ ᠬᠤᠰᠢᠭᠤᠨ ᠤ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠵᠢᠱᠢᠶ᠎ᠡ ᠦᠵᠡᠭᠦᠯᠦᠨ ᠬᠥᠭᠵᠢᠬᠦ ᠶᠢ ᠠᠬᠢᠭᠤᠯᠬᠤ᠂ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠠᠶᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠡ ᠬᠢᠨ ᠲᠣᠰ ᠤᠳᠠᠭᠠᠨ ᠤ ᠭᠡᠷ᠎ᠡ ᠲᠣᠭᠲᠠᠬᠤ ᠶᠣᠰᠣᠯᠠᠯ ᠢᠶᠠᠷ ᠠᠵᠠ ᠲᠣᠬᠢᠶᠠᠯ ᠪᠣᠯᠭᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠳᠡᠮᠵᠢᠵᠦ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠰᠢᠢᠳᠪᠦᠷᠢᠯᠡᠨ ᠥᠭᠴᠦ᠂ ᠲᠥᠷᠥᠯ ᠵᠦᠢᠯ ᠳᠤ ᠥᠩᠭᠡᠷᠡᠭᠰᠡᠨ ᠲᠠᠢ ᠪᠠᠨ ᠠᠳᠠᠯᠢ ᠪᠠᠷ ᠬᠠᠮᠤᠭ ᠤᠨ ᠰᠢᠯᠢᠳᠡᠭ ᠦᠢᠯᠡᠴᠢᠯᠡᠭᠡ ᠬᠠᠩᠭᠠᠬᠤ ᠬᠡᠷᠡᠭᠲᠡᠶ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠬᠢᠨ ᠪᠠᠷᠢᠯᠭ᠎ᠠ ᠶᠢᠨ ᠠᠵᠢᠯ ᠤᠨ ᠰᠢᠵᠢᠷ ᠠᠯᠲᠠᠨ ᠬᠤᠭᠤᠴᠠᠭ᠎ᠠ ᠶᠢ ᠵᠠᠪᠳᠤᠨ᠂ ᠠᠬᠢᠴᠠ ᠶᠢ ᠵᠠᠪᠳᠤᠨ᠂ ᠣᠶᠢᠷ᠎ᠠ ᠠᠰᠢᠭ ᠢ ᠬᠥᠭᠡᠭᠡᠴᠡᠯᠳᠦᠵᠦ᠂ ᠨᠡᠩ ᠰᠠᠶᠢᠨ ᠶᠠᠰᠤ ᠴᠢᠨᠠᠷ ᠪᠣᠯᠤᠨ ᠨᠡᠩ ᠲᠦᠷᠭᠡᠨ ᠬᠤᠷᠳᠤᠴᠠ ᠪᠠᠷ ᠲᠥᠷᠥᠯ ᠵᠦᠢᠯ ᠢ ᠡᠷᠲᠡᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃    ᠵᠠᠩ ᠵᠢᠶ ᠫᠧᠩ ᠢᠯᠡᠷᠬᠡᠶᠢᠯᠡᠬᠦ ᠳᠡᠭᠡᠨ᠂ ᠲᠥᠷᠥᠯ ᠵᠦᠢᠯ ᠨᠢ ᠪᠠᠯᠠ ᠣᠷᠣᠭᠤᠯᠤᠯᠲᠠ᠂ ᠪᠥᠲᠥᠭᠡᠨ ᠪᠠᠶᠢᠭᠤᠯᠤᠯᠲᠠ᠂ ᠡᠵᠡᠩᠨᠡᠯᠲᠡ ᠶᠢ ᠨᠢᠭᠡ ᠴᠣᠭᠴᠠᠵᠢᠭᠤᠯᠬᠤ ᠠᠷᠭ᠎ᠠ ᠬᠡᠯᠪᠡᠷᠢ ᠶᠢ ᠠᠪᠴᠤ᠂ ᠨᠡᠶᠢᠭᠡᠮ ᠤᠨ ᠪᠠᠯᠠ ᠣᠷᠣᠭᠤᠯᠤᠯᠲᠠ ᠶᠢ 200 ᠳ᠋ᠦᠩᠰᠢᠭᠤᠷ ᠲᠥᠭᠦᠷᠢᠭ  ᠠᠴᠠ ᠳᠡᠭᠡᠭᠰᠢ ᠪᠦᠲᠦᠮᠵᠢᠲᠡᠶ ᠳᠠᠶᠢᠴᠢᠯᠠᠵᠤ᠂ ᠵᠢᠱᠢᠯᠲᠡ ᠪᠠᠷ ᠤᠤᠯ ᠤᠨ ᠠᠵᠤ ᠦᠢᠯᠡᠰ ᠤᠨ ᠬᠡᠯᠬᠢᠶ᠎ᠡ ᠶᠢᠨ ᠪᠠᠯᠠ ᠣᠷᠣᠭᠤᠯᠤᠯᠲᠠ ᠶᠢ 300 ᠳ᠋ᠦᠩᠰᠢᠭᠤᠷ ᠲᠥᠭᠦᠷᠢᠭ ᠳᠠᠶᠢᠴᠢᠯᠠᠬᠤ ᠪᠣᠯᠤᠨ᠎ᠠ᠂ ᠪᠥᠲᠥᠭᠡᠨ ᠪᠠᠶᠢᠭᠤᠯᠬᠤ ᠬᠤᠭᠤᠴᠠᠭᠠᠨ ᠳᠤ᠂ ᠲᠥᠷᠥᠯ ᠵᠦᠢᠯ ᠨᠢ 5000 ᠠᠵᠢᠯ ᠤᠨ ᠪᠠᠶᠢᠷᠢ ᠬᠠᠩᠭᠠᠵᠤ᠂ ᠵᠢᠯ ᠤᠨ ᠭᠠᠶᠢᠯᠢ ᠶᠢᠨ ᠣᠷᠣᠯᠭ᠎ᠠ ᠨᠢ ᠪᠠᠷᠤᠭ 1.7 ᠳ᠋ᠦᠩᠰᠢᠭᠤᠷ ᠲᠥᠭᠦᠷᠢᠭ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠪᠦᠯᠦᠭᠯᠡᠯ ᠨᠢ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠷ᠂ ᠰᠢᠯᠢᠳᠡᠭ ᠡᠬᠢ ᠪᠠᠶᠠᠯᠢᠭ ᠢ ᠨᠢᠭᠡᠳᠦᠯᠲᠡᠶ ᠲᠥᠯᠥᠪᠵᠢᠭᠦᠯᠵᠦ᠂ ᠲᠥᠷᠥᠯ ᠵᠦᠢᠯ ᠤᠨ ᠪᠥᠬᠦ ᠶᠠᠪᠤᠴᠠ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠣᠷᠣᠨ ᠪᠦᠰᠡ ᠶᠢᠨ ᠡᠨᠧᠷᠭᠢ ᠶᠢᠨ ᠪᠦᠲᠦᠴᠡᠵᠢᠯᠲᠡ ᠶᠢ ᠠᠬᠢᠭᠤᠯᠵᠤ᠂ ᠬᠤᠤᠰ ᠨᠡᠭᠦᠷᠡᠰᠦᠲᠥ᠋ᠷᠥᠭᠴᠢ ᠶᠢᠨ ᠪᠠᠶᠢᠯᠳᠤᠬᠤ ᠪᠣᠳᠣᠯᠭ᠎ᠠ ᠶᠢᠨ ᠴᠢᠬᠤᠯᠠ ᠲᠤᠯᠭᠠᠭᠤᠷᠢᠯᠠᠯ ᠢ ᠦᠢᠯᠡᠳᠦᠯᠭᠡᠵᠢᠭᠦᠯᠵᠦ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ ᠭᠡᠪᠡ᠃    ᠢᠦᠶ ᠬᠠᠶ ᠪᠦᠦ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠥᠲᠥᠭᠡᠨ ᠪᠠᠶᠢᠭᠤᠯᠤᠯᠲᠠ ᠶᠢᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠪᠦᠯᠦᠭᠯᠡᠯᠲᠦ ᠬᠢᠵᠠᠭᠠᠷᠲᠤ ᠺᠣᠮᠫᠠᠨᠢ ᠲᠠᠢ ᠲᠥᠷᠥᠯ ᠵᠦᠢᠯ ᠤᠨ ᠭᠡᠷ᠎ᠡ ᠲᠣᠭᠲᠠᠬᠤ ᠶᠣᠰᠣᠯᠠᠯ ᠢ ᠪᠡᠶᠡᠯᠡᠭᠦᠯᠪᠡ︔ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠥᠲᠥᠭᠡᠨ ᠪᠠᠶᠢᠭᠤᠯᠤᠯᠲᠠ ᠶᠢᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠪᠦᠯᠦᠭᠯᠡᠯᠲᠦ ᠬᠢᠵᠠᠭᠠᠷᠲᠤ ᠺᠣᠮᠫᠠᠨᠢ ᠶᠢᠨ ᠵᠠᠷᠤᠳ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠶᠡᠷᠦᠩᠬᠡᠶ ᠳᠠᠭᠠᠭᠠᠮᠠᠯ ᠯᠢᠦ ᠢᠦᠶ ᠬᠠᠨ ᠲᠥᠷᠥᠯ ᠵᠦᠢᠯ ᠤᠨ ᠬᠤᠯᠪᠣᠭᠳᠠᠯ ᠪᠥᠬᠦᠶ ᠪᠠᠶᠢᠳᠠᠯ ᠢ ᠲᠠᠨᠢᠯᠴᠠᠭᠤᠯᠪᠠ᠃    ᠳᠠᠢᠴᠢᠯᠠᠯᠲᠠ ᠶᠢᠨ ᠬᠤᠷᠠᠯ ᠳᠡᠭᠡᠷ᠎ᠡ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠪᠡᠭᠡᠵᠢᠩ ᠬᠤᠲᠠ ᠶᠢᠨ ᠬᠠᠶᠢᠨ ᠬᠡᠮᠵᠢᠬᠦ ᠵᠢᠷᠤᠭ ᠲᠥᠯᠥᠪᠯᠡᠭᠡᠨ ᠤ ᠰᠤᠳᠤᠯᠭᠠᠨ ᠤ ᠬᠦᠷᠢᠶᠡᠯᠡᠩ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠥᠷᠥᠯ ᠵᠦᠢᠯ ᠤᠨ ᠬᠤᠯᠪᠣᠭᠳᠠᠯ ᠪᠦᠬᠦᠢ ᠪᠠᠶᠢᠳᠠᠯ ᠪᠠ ᠵᠢᠭᠤᠯᠴᠢᠯᠠᠯ ᠤᠨ ᠲᠥᠰᠦᠪᠯᠡᠬᠦ ᠲᠥᠰᠦᠯ ᠢᠶᠠᠨ ᠬᠠᠷᠢᠭᠤ ᠮᠡᠳᠡᠭᠦᠯᠪᠡ︔ ᠬᠤᠷᠠᠯ ᠳᠤ ᠣᠷᠣᠯᠴᠠᠭᠰᠠᠳ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃    ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠤᠰᠤᠨ ᠠᠰᠢᠭᠯᠠᠯᠲᠠ ᠤᠰᠤᠨ ᠴᠠᠬᠢᠯᠭᠠᠨ ᠤ ᠠᠷᠪᠠᠨ ᠨᠢᠭᠡᠳᠦᠭᠡᠷ ᠢᠨᠵᠧᠨᠧᠷᠢᠩ ᠤᠨ ᠲᠣᠪᠴᠢᠶᠠᠨ ᠤ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠦᠲᠦᠭᠡᠨ ᠪᠠᠶᠢᠭᠤᠯᠤᠯᠲᠠ ᠶᠢᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠵᠠᠷᠤᠳ ᠺᠣᠮᠫᠠᠨᠢ ᠵᠢᠴᠢ ᠬᠤᠰᠢᠭᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号