ᠵᠠᠷᠤᠳ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ︽ᠤᠯᠤᠰ ᠲᠥᠷᠥ ᠶᠢᠨ ᠵᠥᠪᠯᠡᠯᠭᠡᠨ  + ᠰᠢᠭᠦᠬᠦ ᠬᠤᠷᠢᠶ᠎ᠠ︾ ᠶᠢᠨ ᠣᠯᠠᠨ ᠡᠰᠢᠲᠦ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠠᠵᠢᠯ ᠢ ᠠᠬᠢᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2025/4/25
   ᠰᠢᠭᠦᠬᠦ ᠬᠤᠷᠢᠶ᠎ᠠ ᠲᠠᠢ ᠵᠣᠬᠢᠴᠠᠯᠳᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ︽ᠤᠯᠤᠰ ᠲᠥᠷᠥ ᠶᠢᠨ ᠵᠥᠪᠯᠡᠯᠭᠡᠨ + ᠰᠢᠭᠦᠬᠦ ᠬᠤᠷᠢᠶ᠎ᠠ︾ ᠶᠢᠨ ᠣᠯᠠᠨ ᠡᠰᠢᠲᠦ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠤᠨ ᠨᠠᠷᠢᠯᠢᠭᠵᠢᠭᠤᠯᠬᠤ ᠶᠢ ᠠᠬᠢᠭᠤᠯᠵᠤ᠂ ᠣᠯᠠᠨ ᠡᠰᠢᠲᠦ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠪᠣᠶ ᠪᠣᠯᠭᠠᠬᠤ ᠶᠢᠨ ᠲᠥᠯᠥᠭᠡ᠂ 4 ᠰᠠᠷ᠎ᠠ ᠶᠢᠨ 24 ᠤ ᠡᠳᠦᠷ᠂ ᠵᠠᠷᠤᠳ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ︽ᠤᠯᠤᠰ ᠲᠥᠷᠥ ᠶᠢᠨ ᠵᠥᠪᠯᠡᠯᠭᠡᠨ + ᠰᠢᠭᠦᠬᠦ ᠬᠤᠷᠢᠶ᠎ᠠ︾ ᠶᠢᠨ ᠣᠯᠠᠨ ᠡᠰᠢᠲᠦ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠠᠵᠢᠯ ᠢ ᠠᠬᠢᠭᠤᠯᠬᠤ ᠬᠤᠷᠠᠯ ᠬᠢᠪᠡ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠮᠥᠩᠭᠦᠨᠬᠤᠸᠠᠷ᠂ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠲᠤᠩᠭᠠᠯᠠᠭ ᠬᠤᠷᠠᠯ ᠳᠤ ᠣᠷᠣᠯᠴᠠᠪᠠ ᠃     
微信图片_20250425091421.jpg
    ᠬᠤᠷᠠᠯ ᠠᠴᠠ ︽ᠤᠯᠤᠰ ᠲᠥᠷᠥ ᠶᠢᠨ ᠵᠥᠪᠯᠡᠯᠭᠡᠨ + ᠰᠢᠭᠦᠬᠦ ᠬᠤᠷᠢᠶ᠎ᠠ︾ ᠶᠢᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠠᠵᠢᠯ ᠤᠨ ᠥᠷᠲᠡᠭᠡ ᠶᠢᠨ ᠠᠵᠢᠯ ᠥᠷᠨᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠵᠦ᠂ ᠠᠵᠢᠯ ᠤᠨ ᠦᠷ᠎ᠡ ᠪᠦᠲᠦᠮᠵᠢ ᠪᠠᠨ ᠪᠥᠬᠦ ᠲᠠᠯ᠎ᠠ ᠪᠠᠷ ᠳ᠋ᠦᠩᠨᠡᠨ᠂ ᠣᠷᠣᠰᠢᠵᠤ ᠪᠠᠶᠢᠭ᠎ᠠ ᠠᠰᠠᠭᠤᠳᠠᠯ ᠢᠶᠠᠨ ᠪᠤᠰᠤᠳᠴᠢ ᠪᠠᠷ ᠵᠠᠳᠠᠯᠵᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠳᠤ ᠣᠷᠣᠯᠴᠠᠭᠰᠠᠳ ᠠᠵᠢᠯ ᠤᠨ ᠲᠣᠭᠲᠠᠴᠠ ᠪᠠᠨ ᠬᠡᠷᠬᠢᠨ ᠤᠯᠠᠮ ᠨᠢᠭᠡ ᠠᠯᠬᠤᠮ ᠲᠡᠭᠦᠯᠳᠡᠷᠵᠢᠭᠦᠯᠬᠦ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠬᠦ᠂ ᠭᠡᠰᠢᠭᠦᠳ ᠤᠨ ᠡᠶᠡᠳᠡᠭᠦᠯᠬᠦ ᠴᠢᠳᠠᠪᠤᠷᠢ ᠶᠢ ᠳᠡᠭᠡᠭᠰᠢᠯᠡᠭᠦᠯᠬᠦ᠂ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠤᠬᠠᠶ ᠭᠦᠨᠵᠡᠭᠡᠶ ᠰᠣᠯᠢᠯᠴᠠᠨ ᠶᠠᠷᠢᠯᠴᠠᠭᠰᠠᠨ ᠪᠥᠭᠡᠳ ᠰᠠᠨᠠᠯ ᠰᠠᠨᠠᠭᠤᠯᠭ᠎ᠠ ᠳᠤᠷᠠᠳᠪᠠ᠃    
微信图片_20250425091429.jpg
    ᠬᠤᠷᠠᠯ ᠠᠴᠠ᠂ ︽ᠤᠯᠤᠰ ᠲᠦᠷᠦ ᠶᠢᠨ ᠵᠥᠪᠯᠡᠯᠭᠡᠨ + ᠰᠢᠭᠦᠬᠦ ᠬᠤᠷᠢᠶ᠎ᠠ︾ ᠪᠣᠯ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠬᠦ ᠳᠤ ᠠᠰᠢᠭᠲᠠᠢ ᠰᠦᠪᠡᠭᠴᠢᠯᠡᠯᠳᠡ ᠪᠣᠯᠤᠨ᠎ᠠ᠂ ᠡᠨᠡ ᠨᠢ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠢ ᠤᠯᠠᠨ ᠡᠰᠢᠵᠢᠭᠦᠯᠦᠨ ᠡᠶᠡᠳᠡᠭᠦᠯᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ︽ᠤᠯᠤᠰ ᠲᠥᠷᠥ ᠶᠢᠨ ᠵᠥᠪᠯᠡᠯᠭᠡᠨ + ᠰᠢᠭᠦᠬᠦ ᠬᠤᠷᠢᠶ᠎ᠠ︾ ᠶᠢᠨ ᠬᠠᠮᠵᠢᠯᠴᠠᠬᠤ ᠲᠣᠭᠲᠠᠴᠠ ᠶᠢ ᠪᠠᠶᠢᠭᠤᠯᠤᠭᠰᠠᠨ ᠠᠴᠠ ᠨᠠᠰᠢ᠂ ᠬᠤᠶᠠᠷ ᠲᠠᠯ᠎ᠠ ᠪᠠᠷ ᠢᠶᠠᠨ ︽︿ᠤᠯᠤᠰ ᠲᠥᠷᠥ ᠶᠢᠨ ᠵᠥᠪᠯᠡᠯᠭᠡᠨ +﹀ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠷᠭ᠎ᠠ ᠵᠠᠮ︾ ᠤᠨ ᠦᠢᠯᠡᠳᠦᠯᠭᠡ ᠶᠢᠨ ᠵᠠᠭᠪᠤᠷ ᠢ ᠬᠠᠮᠲᠤ ᠪᠠᠷ ᠬᠠᠶᠢᠨ ᠰᠦᠪᠡᠭᠴᠢᠯᠡᠵᠦ᠂ ᠰᠢᠭᠦᠬᠦ ᠬᠤᠷᠢᠶ᠎ᠠ ᠳᠤ ︽ᠤᠯᠤᠰ ᠲᠥᠷᠥ ᠶᠢᠨ ᠵᠥᠪᠯᠡᠯᠭᠡᠨ + ᠰᠢᠭᠦᠬᠦ ᠬᠤᠷᠢᠶ᠎ᠠ︾ ᠶᠢᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠠᠵᠢᠯ ᠤᠨ ᠥᠷᠲᠡᠭᠡ ᠪᠠᠶᠢᠭᠤᠯᠵᠤ᠂ ᠵᠢᠷᠭᠤᠭᠠᠨ ᠭᠠᠵᠠᠷ ᠤᠨ ᠦᠨᠳᠦᠰᠦᠨ ᠱᠠᠲᠤᠨ ᠤ ᠰᠢᠭᠦᠬᠦ ᠲᠢᠩᠬᠢᠮ ᠳᠤ ︽ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠠᠵᠢᠯᠯᠠᠬᠤ ᠲᠠᠰᠤᠭ︾ ᠭᠠᠷᠭᠠᠵᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠬᠡᠷᠡᠭ ᠢ ᠡᠶᠡᠳᠡᠭᠦᠯᠬᠦ ᠳᠤ ᠢᠳᠡᠪᠬᠢᠲᠡᠶ ᠣᠷᠣᠯᠴᠠᠬᠤ ᠢᠶᠠᠷ ᠳᠠᠮᠵᠢᠭᠤᠯᠤᠨ ᠰᠠᠶᠢᠨ ᠦᠷ᠎ᠡ ᠪᠦᠲᠦᠮᠵᠢ ᠣᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠬᠦᠴᠦᠨ ᠨᠡᠮᠡᠷᠢᠯᠡᠪᠡ᠃    
微信图片_20250425091434.jpg
    ᠬᠤᠷᠠᠯ ᠠᠴᠠ᠂ ᠬᠤᠶᠢᠰᠢᠳᠠ ᠶᠢᠨ ᠠᠵᠢᠯ ᠤᠨ ᠳᠤᠮᠳᠠ᠂ ︽ᠤᠯᠤᠰ ᠲᠦᠷᠦ ᠶᠢᠨ ᠵᠥᠪᠯᠡᠯᠭᠡᠨ + ᠰᠢᠭᠦᠬᠦ ᠬᠤᠷᠢᠶ᠎ᠠ︾ ᠶᠢᠨ ᠤᠯᠠᠨ ᠡᠰᠢᠴᠢᠯᠡᠭᠰᠡᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠠᠵᠢᠯ ᠤᠨ ᠲᠦᠷᠦᠯ ᠲᠡᠮᠳᠡᠭ ᠢ ᠦᠷᠭᠦᠯᠵᠢᠯᠡᠨ ᠰᠤᠳᠤᠨᠴᠢᠯᠠᠵᠦ᠂ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠪᠠᠷ ᠳᠠᠮᠵᠢᠭᠤᠯᠵᠤ᠂ ᠡᠯ᠎ᠡ ᠲᠠᠯ᠎ᠠ ᠶᠢᠨ ᠬᠦᠴᠦᠨ ᠢ ᠬᠤᠷᠠᠮᠳᠤᠭᠤᠯᠵᠤ᠂ ᠤᠯᠠᠨ ᠡᠰᠢᠲᠦ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ︔ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠲᠣᠭᠲᠠᠴᠠ ᠶᠢᠨ ᠪᠠᠶᠢᠭᠤᠯᠤᠯᠲᠠ᠂ ᠠᠵᠢᠯ ᠤᠨ ᠠᠷᠭ᠎ᠠ ᠬᠡᠮᠵᠢᠶ᠎ᠡ᠂ ᠬᠢᠯᠠᠰ ᠴᠡᠭ ᠦᠷ᠎ᠡ ᠪᠦᠲᠦᠮᠵᠢ ᠶᠢᠨ ᠤᠬᠠᠭᠤᠯᠭ᠎ᠠ ᠶᠢ ᠴᠢᠩᠭᠠᠳᠬᠠᠵᠦ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ᠂ ᠠᠷᠠᠳ ᠤᠯᠠᠨ ᠤ ᠵᠤᠪᠠᠨᠢᠯ ᠬᠦᠴᠢᠷᠳᠡᠯ ᠢ ᠰᠢᠢᠳᠪᠤᠷᠢᠯᠡᠭᠰᠡᠨ ᠭᠡᠷᠡᠭ ᠤᠨ ᠵᠢᠱᠢᠶ᠎ᠡ ᠶᠢ ᠰᠠᠶᠢᠳᠤᠷ ᠶᠠᠷᠢᠵᠦ᠂ ᠨᠡᠶᠢᠭᠡᠮ ᠤᠨ ᠲᠠᠨᠢᠨ ᠮᠡᠳᠡᠬᠦᠢ ᠶᠢᠨ ᠬᠡᠮᠵᠢᠶ᠎ᠡ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ︔ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠬᠦᠯᠵᠦ᠂ ᠭᠡᠰᠢᠭᠦᠳ ᠤᠨ ᠡᠶᠡᠳᠡᠭᠦᠯᠬᠦ ᠳᠤ ᠣᠷᠣᠯᠴᠠᠬᠤ ᠤᠷᠮᠠᠰᠢᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠨᠡᠶᠢᠲᠡᠯᠢᠭ ᠬᠡᠷᠡᠭ ᠤᠨ ᠵᠢᠱᠢᠶ᠎ᠡ ᠪᠠ ᠲᠡᠷᠢᠭᠦᠨ ᠤ ᠠᠵᠢᠯ ᠤᠨ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠨᠡᠩ ᠤᠯᠠᠨ ᠭᠡᠰᠢᠭᠦᠳ ᠤᠨ ᠵᠢᠭᠤᠷᠠᠯᠳᠤᠭᠠᠨ ᠢ ᠡᠶᠡᠳᠡᠭᠦᠯᠬᠦ ᠠᠵᠢᠯ ᠳᠤ ᠣᠷᠣᠯᠴᠠᠬᠤ ᠶᠢ ᠲᠠᠶᠢᠴᠢᠯᠠᠬᠤ ᠬᠡᠷᠡᠭᠳᠠᠢ᠃  ᠪᠦᠷᠢᠨ ᠲᠡᠭᠦᠯᠳᠡᠷ ᠪᠣᠯᠪᠠᠰᠤᠷᠠᠯ ᠤᠨ ᠰᠢᠰᠲ᠋ᠧᠮ ᠢ ᠪᠠᠶᠢᠭᠤᠯᠵᠤ᠂ ᠡᠶᠡᠳᠡᠭᠦᠯᠬᠦ ᠤᠷ᠎ᠠ ᠮᠡᠷᠭᠡᠵᠢᠯ ᠵᠡᠷᠭᠡ ᠬᠡᠰᠡᠭᠵᠢᠭᠦᠯᠤᠭ᠍ᠰᠡᠨ ᠬᠢᠴᠢᠶᠡᠯ ᠢ ᠴᠢᠩᠭᠠᠳᠬᠠᠵᠤ᠂ ᠵᠢᠭᠤᠷᠠᠯᠳᠤᠭᠠᠨ ᠢ ᠡᠶᠡᠳᠡᠭᠦᠯᠬᠦ ᠠᠷᠭ᠎ᠠ ᠬᠡᠯᠪᠡᠷᠢ ᠶᠢ ᠪᠠᠶᠠᠯᠢᠭᠵᠢᠭᠤᠯᠵᠤ᠂ ᠵᠢᠭᠤᠷᠠᠯᠳᠤᠭᠠᠨ ᠢ  ᠡᠶᠡᠳᠡᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠪᠠᠶᠢᠭᠤᠯᠬᠤ ᠳᠤ ᠨᠡᠩ ᠶᠡᠭᠡ ᠤᠯᠤᠰ ᠲᠦᠷᠦ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号