︽ᠲᠠᠪᠤᠨ ᠡᠭᠦᠷᠭᠡ︾ ----  ᠵᠠᠷᠤᠳ ᠬᠤᠰᠢᠭᠤ᠄ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠵᠤ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠲᠤ  ᠴᠣᠭᠴᠠᠯᠠᠵᠤ ᠪᠤᠢ
ᠨᠡᠶᠢᠲᠡᠯᠡᠭᠰᠡᠨ ᠴᠠᠭ᠄
2025/4/3
     ᠣᠶᠢᠷ᠎ᠠ ᠶᠢᠨ ᠵᠢᠯ ᠤᠳ ᠲᠤ᠂ ᠵᠠᠷᠤᠳ ᠬᠤᠰᠢᠭᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ︽ᠠᠮᠤ ᠪᠤᠳᠠᠭ᠎ᠠ ᠶᠢ ᠪᠠᠲᠣᠯᠠᠬᠤ ᠳᠤ ᠭᠠᠵᠠᠷ ᠰᠢᠷᠣᠶ ᠳᠤ ᠲᠦᠰᠢᠭᠯᠡᠵᠦ᠂ ᠠᠮᠤ ᠪᠣᠳᠠᠭ᠎ᠠ ᠶᠢ ᠪᠠᠲᠣᠯᠠᠬᠤ ᠳᠤ ᠰᠢᠨᠵᠢᠯᠡᠭᠡ ᠮᠡᠷᠭᠡᠵᠢᠯ ᠳᠤ ᠲᠦᠰᠢᠭᠯᠡᠬᠦ︾ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠭᠠᠵᠤ᠂ ᠡᠷᠲᠡ ᠲᠥᠯᠥᠪᠵᠢᠭᠦᠯᠵᠦ᠂ ᠡᠷᠲᠡ ᠪᠠᠶᠢᠷᠢᠯᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠲᠡᠭᠦᠨ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠠᠬᠢᠭᠤᠯᠬᠤ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠ ᠭᠠᠷᠳᠠᠴᠠ ᠪᠣᠯᠭᠠᠵᠤ᠂ ᠣᠨᠣᠴᠠᠲᠠᠢ ᠪᠠᠷ ᠭᠠᠵᠠᠷ ᠰᠣᠩᠭᠤᠵᠤ᠂ ︽ᠲᠠᠷᠢᠶ᠎ᠠ ᠨᠢ ᠲᠡᠭᠰᠢ ᠪᠣᠯᠵᠣ᠂ ᠵᠠᠮ ᠨᠢ ᠵᠠᠯᠭᠠᠯᠳᠤᠵᠤ᠂ ᠰᠤᠪᠠᠭ ᠬᠠᠷᠢᠯᠴᠠᠨ ᠨᠡᠪᠲᠡᠷᠡᠵᠦ᠂ ᠦᠶᠡᠷ ᠢ ᠵᠠᠯᠠᠵᠤ᠂ ᠭᠠᠩᠳᠠᠪᠠᠯ ᠤᠰᠤᠯᠠᠬᠤ》ᠬᠠᠷᠠᠯᠲᠠ ᠶᠢ ᠴᠢᠷᠮᠠᠶᠢᠨ ᠪᠡᠶᠡᠯᠡᠭᠦᠯᠪᠡ᠃   ᠣᠶᠢᠷ᠎ᠠ ᠶᠢᠨ ᠡᠳᠦᠷ᠂ ᠥᠯᠵᠡᠶᠢᠮᠥ᠋ᠷᠡᠨ ᠰᠤᠮᠤ ᠶᠢᠨ ᠰᠣᠪᠣᠷᠭᠠᠨᠲᠠᠯ᠎ᠠ ᠭᠠᠴᠠᠭᠠᠨ ᠤ 1.45 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠤᠶ ᠲᠠᠯᠠᠪᠠᠶ ᠳᠤ ᠮᠠᠰᠢᠨ ᠮᠧᠬᠠᠨᠢᠭ ᠤᠨ ᠬᠦᠩᠭᠢᠨᠡᠮ᠎ᠡ ᠲᠠᠭᠤᠨ ᠲᠠᠰᠤᠷᠠᠯᠲᠠ ᠥᠬᠡᠶ ᠰᠤᠨᠣᠰᠳᠠᠵᠤ᠂ ᠭᠠᠵᠠᠷ ᠰᠢᠷᠣᠶ ᠶᠢ ᠲᠡᠭᠰᠢᠯᠡᠬᠦ᠂ ᠬᠤᠭᠤᠯᠠᠶ ᠳᠡᠪᠢᠰᠬᠦ ᠵᠡᠷᠭᠡ ᠠᠵᠢᠯ ᠪᠠᠴᠢᠮ ᠪᠦᠭᠡᠳ ᠡᠮᠬᠢ ᠵᠢᠷᠤᠮ ᠲᠠᠢ ᠶᠠᠪᠣᠭᠳᠠᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠤᠷᠤᠭᠰᠢᠲᠠᠶ ᠶᠠᠪᠤᠭᠳᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃   ︽ᠣᠳᠣᠬᠠᠨ ᠳᠤ᠂ 107 ᠬᠤᠳᠳᠤᠭ ᠢ ᠨᠢᠭᠡᠨᠲᠡ 80 ᠭᠠᠷᠤᠢ ᠬᠤᠳᠳᠤᠭ ᠮᠠᠯᠲᠠᠵᠤ᠂ ᠤᠳᠤ ᠨᠢᠭᠡᠨᠲᠡ ᠬᠤᠭᠤᠯᠠᠢ ᠪᠤᠯᠠᠵᠤ᠂ ᠭᠠᠵᠠᠷ ᠰᠢᠷᠣᠢ ᠶᠢ ᠲᠡᠭᠰᠢᠯᠡᠵᠦ ᠡᠬᠢᠯᠡᠪᠡ᠂ 4 ᠰᠠᠷ᠎ᠠ ᠶᠢᠨ ᠳᠤᠮᠳᠠᠴᠢ ᠪᠠᠷ  ᠪᠦᠬᠦᠨ ᠢ ᠬᠢᠵᠦ ᠳᠠᠭᠤᠰᠬᠠᠨ᠎ᠠ︾ ᠭᠡᠵᠦ ᠰᠣᠪᠣᠷᠭᠠᠨᠲᠠᠯ᠎ᠠ ᠭᠠᠴᠠᠭᠠᠨ ᠤ ᠨᠠᠮ ᠤᠨ ᠡᠭᠦᠷ ᠤᠨ ᠱᠦᠵᠢ ᠬᠠᠷᠠᠮᠣᠨᠢ ᠲᠠᠨᠢᠯᠴᠠᠭᠤᠯᠪᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠥᠲᠥᠭᠡᠨ ᠪᠠᠶᠢᠭᠤᠯᠬᠤ ᠪᠣᠯ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠲᠡᠷᠡ ᠨᠢ ᠲᠠᠷᠢᠶᠠᠨ ᠭᠠᠵᠠᠷ ᠢ ︽ᠪᠠᠭ᠎ᠠ ᠬᠡᠰᠡᠭ ᠢ ᠶᠡᠭᠡ ᠬᠡᠰᠡᠭ ᠪᠣᠯᠭᠠᠵᠤ᠂ ᠲᠠᠷᠠᠬᠠᠶ ᠪᠤᠲᠠᠷᠬᠠᠶ ᠶᠢ ᠲᠥᠪᠯᠡᠷᠡᠭᠦᠯᠦᠨ᠂ ᠬᠡᠰᠡᠭ ᠪᠤᠰᠠᠭ ᠶᠢ ᠵᠠᠯᠭᠠᠯᠳᠣᠭᠤᠯᠬᠤ︾ ᠶᠢ ᠪᠡᠶᠡᠯᠡᠭᠦᠯᠵᠦ᠂ ᠲᠠᠷᠢᠮᠠᠯ ᠤᠨ ᠥᠪᠡᠷ ᠤᠨ ᠥᠷᠲᠡᠭ ᠢ ᠠᠷᠪᠢᠯᠠᠬᠤ ᠪᠠᠷ ᠪᠠᠷᠠᠬᠤ ᠥᠬᠡᠶ᠂ ᠲᠠᠷᠢᠶᠠᠯᠠᠩ ᠦᠢᠯᠡᠳᠪᠦᠷᠢᠯᠡᠯ ᠤᠨ ᠬᠡᠪᠴᠢᠶᠡᠵᠢᠯ᠂ ᠮᠠᠰᠢᠨᠴᠢᠯᠠᠯᠲᠠ ᠳᠤ ᠮᠠᠰᠢ ᠰᠠᠶᠢᠨ ᠰᠠᠭᠤᠷᠢ ᠲᠠᠯᠪᠢᠵᠤ ᠥᠭᠬᠦ ᠪᠣᠯᠤᠨ᠎ᠠ᠃   ᠯᠦᠪᠸᠢ ᠪᠠᠯᠭᠠᠰᠤᠨ ᠤ ᠰᠢᠶᠤᠤ ᠵᠢᠩ ᠽᠢ ᠲᠣᠰᠬᠤᠨ ᠳᠤ᠂ ᠭᠠᠵᠠᠷ ᠰᠢᠷᠣᠢ ᠶᠢ ᠲᠡᠭᠰᠢᠯᠡᠬᠦ᠂ ᠮᠠᠰᠢᠨ ᠢᠶᠠᠷ ᠲᠠᠷᠢᠶᠠᠯᠠᠬᠤ ᠵᠠᠮ ᠢ ᠰᠢᠨᠡᠪᠡᠷ ᠪᠠᠶᠢᠭᠤᠯᠬᠤ ᠵᠡᠷᠭᠡ ᠪᠠᠷᠢᠯᠭ᠎ᠠ ᠶᠢᠨ ᠲᠦᠷᠦᠯ ᠵᠦᠢᠯ ᠨᠢ ᠪᠦᠬᠦᠨ ᠢᠶᠠᠷ ᠢᠶᠠᠨ ᠪᠠᠷᠢᠯᠭ᠎ᠠ ᠳᠠᠭᠤᠰᠪᠠ᠃ ᠡᠨᠡ ᠨᠢ ᠲᠦᠷᠦᠯ ᠵᠦᠢᠯ ᠤᠨ ᠲᠣᠭᠤᠷᠢᠭ ᠤᠨ 7300 ᠮᠦ ᠶᠢᠨ ᠲᠠᠷᠢᠶᠠᠨ ᠭᠠᠵᠠᠷ ᠤᠨ ᠵᠠᠮ ᠲᠡᠭᠡᠭᠡᠪᠦᠷᠢ ᠪᠣᠯᠤᠨ ᠤᠰᠤ ᠵᠠᠯᠠᠬᠤ ᠨᠥᠬᠦᠴᠡᠯ ᠢ ᠪᠦᠲᠦᠮᠵᠢᠲᠡᠢ ᠰᠠᠶᠢᠵᠢᠷᠠᠭᠤᠯᠤᠭᠰᠠᠨ ᠢᠶᠠᠷ ᠪᠠᠷᠠᠬᠤ ᠦᠭᠡᠢ᠂ ᠪᠠᠰᠠ ᠲᠠᠷᠢᠶᠠᠯᠠᠩ ᠤᠨ ᠮᠠᠰᠢᠨᠴᠢᠯᠠᠯᠲᠠ ᠶᠢᠨ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠵᠦ᠂ ᠲᠠᠷᠢᠶᠠᠨ ᠭᠠᠵᠠᠷ ᠢ ᠨᠡᠩ ᠲᠡᠭᠰᠢ᠂ ᠵᠠᠮ ᠬᠠᠷᠢᠯᠴᠠᠭ᠎ᠠ ᠶᠢ ᠨᠡᠩ ᠳᠥᠭᠦᠮ ᠳᠥᠲᠡ᠂ ᠤᠰᠤᠯᠠᠯᠲᠠ ᠶᠢ ᠨᠡᠩ ᠥᠨᠳᠥᠷ ᠪᠦᠲᠦᠮᠵᠢᠲᠡᠢ ᠪᠣᠯᠭᠠᠵᠤ᠂ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠳᠤ ᠲᠦᠢᠯ ᠤᠨ ᠶᠡᠭᠡ ᠲᠦᠬᠦᠮ ᠦᠵᠡᠭᠦᠯᠵᠦ᠂ ᠬᠥᠳᠡᠭᠡ ᠲᠣᠰᠬᠤᠨ ᠤ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃   ︽ᠰᠢᠶᠤᠤ ᠵᠢᠩ ᠽᠢ ᠲᠣᠰᠬᠤᠨ ᠤ 7200 ᠭᠠᠷᠤᠢ ᠮᠦ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠨᠢᠳᠤᠨᠤᠨ ᠤ 12 ᠰᠠᠷ᠎ᠠ ᠠᠴᠠ ᠡᠮᠦᠨ᠎ᠡ ᠪᠦᠬᠦᠨ ᠢ ᠳᠠᠭᠤᠰᠬᠠᠵᠠᠢ ᠂ ᠤᠳᠤ ᠪᠣᠯ ᠰᠡᠬᠦᠯ ᠬᠤᠷᠢᠶᠠᠬᠤ ᠱᠠᠳᠤ ᠪᠣᠯᠤᠨ᠎ᠠ᠂ ᠴᠠᠬᠢᠯᠭᠠᠨ ᠨᠡᠪᠲᠡᠷᠡᠭᠰᠡᠨ ᠤ ᠳᠠᠷᠠᠭ᠎ᠠ᠂ ᠴᠠᠬᠢᠯᠭᠠᠨ ᠪᠠ ᠤᠰᠤ ᠶᠢ ᠲᠤᠷᠰᠢᠨ ᠬᠡᠷᠡᠭᠯᠡᠵᠦ᠂ ᠡᠷᠲᠡᠬᠡᠨ ᠠᠰᠢᠭᠯᠠᠯᠲᠠ ᠳᠤ ᠣᠷᠣᠭᠤᠯᠤᠨ᠎ᠠ︾ ᠭᠡᠵᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠠᠰᠤᠭ ᠤᠨ ᠬᠠᠷᠢᠭᠤᠴᠠᠯᠭᠠᠲᠠᠨ ᠴᠡᠩᠭᠡᠯᠳᠤ ᠬᠡᠯᠡᠪᠡ᠃   ᠣᠲᠣ ᠪᠣᠯᠲᠠᠯ᠎ᠠ᠂ ᠪᠥᠬᠦ ᠬᠤᠰᠢᠭᠤᠨ ᠤ ᠪᠠᠶᠢᠭᠤᠯᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠶᠡᠷᠦᠩᠬᠡᠶ ᠲᠠᠯᠠᠪᠠᠶ 137 ᠲᠦᠮᠡᠨ ᠮᠥ ᠳᠤ ᠬᠦᠷᠪᠡ᠃ ᠲᠥᠯᠥᠪᠵᠢᠭᠦᠯᠭᠡ ᠶᠣᠰᠣᠭᠠᠷ᠂ 2029 ᠣᠨ ᠤ ᠡᠴᠦᠰ ᠪᠣᠯᠬᠤ ᠳᠤ᠂ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠳᠡᠭᠡᠭᠰᠢᠯᠡᠭᠦᠯᠬᠦ ᠲᠥᠷᠥᠯ ᠵᠦᠢᠯ ᠢᠶᠠᠷ ᠳᠠᠮᠵᠢᠭᠤᠯᠤᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 90 ᠲᠦᠮᠡᠨ ᠮᠥ ᠪᠠᠶᠢᠭᠤᠯᠵᠤ᠂ ᠪᠥᠬᠦ ᠬᠤᠰᠢᠭᠤᠨ ᠤ ᠨᠥᠬᠦᠴᠡᠯ ᠳᠤ ᠨᠡᠶᠢᠴᠡᠬᠦ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠠᠶᠢᠭᠤᠯᠵᠤ᠂ ᠲᠤᠬᠠᠶ ᠶᠢᠨ ᠦᠶ᠎ᠡ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠠᠯᠠᠪᠠᠶ 227 ᠲᠦᠮᠡᠨ ᠮᠥ ᠠᠴᠠ ᠳᠡᠭᠡᠭᠰᠢ ᠪᠣᠯᠣᠨ᠎ᠠ᠃ ᠲᠥᠷᠥᠯ ᠵᠦᠢᠯ ᠨᠢ ᠲᠠᠷᠢᠶ᠎ᠠ᠂ ᠰᠢᠷᠣᠶ᠂ ᠣᠶ᠂ ᠵᠠᠮ᠂ ᠤᠰᠤ᠂ ᠴᠠᠬᠢᠯᠭᠠᠨ᠂ ᠮᠡᠷᠭᠡᠵᠢᠯ᠂ ᠬᠠᠮᠢᠶᠠᠷᠤᠯᠲᠠ ᠵᠡᠷᠭᠡ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠥᠬᠦ ᠬᠤᠰᠢᠭᠤᠨ ᠤ ᠲᠠᠷᠢᠶᠠᠨ ᠭᠠᠵᠠᠷ ᠢ ︽ᠥᠩ ᠲᠠᠢ ᠲᠠᠷᠢᠶ᠎ᠠ︾ ᠪᠣᠯᠭᠠᠨ᠂ ᠠᠮᠤ ᠪᠤᠳᠠᠭᠠᠨ ᠤ ᠡᠯᠪᠡᠭ ᠬᠤᠷᠢᠶᠠᠯᠲᠠ ᠤᠯᠬᠤ ᠳᠤ ᠪᠠᠲᠤ ᠪᠠᠬᠢ ᠰᠠᠭᠤᠷᠢ ᠲᠠᠯᠪᠢᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠵᠢᠱᠢᠯᠲᠡ ᠪᠠᠷ ᠮᠥ ᠪᠦᠷᠢ ᠳᠤᠮᠳᠠᠴᠢ ᠪᠠᠷ ᠵᠢᠯ ᠪᠦᠷᠢ 20 ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠤᠰᠤ ᠠᠷᠪᠢᠯᠠᠵᠤ᠂ ᠤᠨᠠᠯᠲᠠ ᠶᠢ 125 ᠺᠢᠯᠣᠭ᠍ᠷᠠᠮ ᠨᠡᠮᠡᠭᠳᠡᠭᠦᠯᠵᠦ᠂ ᠵᠢᠯ ᠳᠤ 350 ᠲᠦᠮᠡᠨ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠤᠰᠤ ᠠᠷᠪᠢᠯᠠᠵᠤ᠂ ᠠᠮᠤ ᠪᠤᠳᠠᠭᠠᠨ ᠤ ᠤᠨᠠᠯᠲᠠ ᠶᠢ 2200 ᠲᠦᠮᠡᠨ ᠺᠢᠯᠣᠭ᠍ᠷᠠᠮ ᠠᠴᠠ ᠳᠡᠭᠡᠭᠰᠢ ᠨᠡᠮᠡᠭᠳᠡᠭᠦᠯᠦᠨ᠎ᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号