| 4 ᠰᠠᠷ᠎ᠠ ᠶᠢᠨ 29 ᠤ ᠡᠳᠦᠷ᠂ ᠪᠠᠶᠠᠨᠲᠠᠯ᠎ᠠ ᠰᠤᠮᠤ ᠭᠤᠤᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ | ᠬᠤᠷᠠᠯ ᠬᠢᠵᠦ᠂ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ︽ᠰᠣᠶᠣᠯ ᠤᠨ | ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠤᠶ᠎ᠠ︾᠂ ᠪᠥᠬᠦ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠢ | ᠡᠪᠳᠡᠵᠦ ᠲᠦᠷᠢᠮ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ | ᠵᠠᠰᠠᠭ ᠵᠠᠬᠢᠷᠭᠠᠨ ᠤ ᠰᠢᠳᠬᠡᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ᠂ ᠪᠥᠬᠦ ᠬᠤᠰᠢᠭᠤᠨ ᠤ ᠲᠠᠷᠢᠶᠠᠨ | ᠭᠠᠵᠠᠷ ᠣᠶᠢᠲᠤ ᠭᠠᠵᠠᠷ ᠨᠤᠲᠤᠭ ᠪᠡᠯᠴᠢᠭᠡᠷ ᠤᠨ ᠡᠷᠬᠡ ᠶᠢᠨ ᠬᠠᠷᠢᠶᠠᠯᠠᠯ ᠰᠣᠯᠪᠢᠴᠠᠭᠰᠠᠨ ᠠᠰᠠᠭᠤᠳᠠᠯ ᠢ | ᠰᠢᠢᠳᠪᠦᠷᠢᠯᠡᠬᠦ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ᠂ ︽ᠲᠦᠩᠯᠢᠶᠣᠤ ᠬᠤᠲᠠ ᠶᠢᠨ 2025 ᠣᠨ ᠤ | ᠮᠠᠯᠵᠢᠬᠤ ᠲᠠᠷᠢᠶᠠᠯᠠᠬᠤ ᠣᠷᠣᠨ ᠤ ᠳᠤᠤᠷ᠎ᠠ ᠣᠷᠣᠯᠭ᠎ᠠ ᠲᠠᠢ ᠬᠥᠮᠦᠰ ᠤᠨ ᠨᠤᠷᠠᠬᠤ ᠠᠶᠤᠯᠲᠠᠶ ᠬᠡᠷ ᠪᠠᠶᠢᠰᠢᠩ ᠢ | ᠥᠭᠡᠷᠡᠴᠢᠯᠡᠨ ᠵᠠᠰᠠᠬᠤ ᠲᠤᠬᠠᠶ ᠬᠡᠷᠡᠭᠵᠢᠭᠦᠯᠬᠦ ᠲᠥᠰᠦᠯ︾᠂ ︽2025 ᠣᠨ ᠤ ᠵᠠᠷᠤᠳ ᠬᠤᠰᠢᠭᠤᠨ ᠤ | ᠳᠠᠭᠠᠳᠬᠠᠯ ᠮᠡᠬᠡᠯᠡᠨ ᠠᠪᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠡᠮᠴᠢᠯᠡᠭᠡᠨ ᠤ ᠳᠠᠭᠠᠳᠬᠠᠯ ᠤᠨ ᠰᠠᠭᠤᠷᠢ | ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠠᠵᠢᠯ ᠤᠨ ᠲᠥᠰᠦᠯ︾ ᠤᠨ ᠪᠢᠴᠢᠭ | ᠮᠠᠲ᠋ᠧᠷᠢᠶᠠᠯ ᠤᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠣᠶᠢᠷ᠎ᠠ ᠶᠢᠨ ᠬᠤᠭᠤᠴᠠᠭᠠᠨ ᠤ ᠣᠶ ᠶᠢᠨ | ᠬᠤᠷᠮᠣᠶ ᠶᠢᠨ ᠲᠠᠷᠢᠮᠠᠯ ᠤᠨ ᠳᠠᠩᠰᠠᠯᠠᠯᠲᠠ ᠶᠢ ᠬᠢᠨᠠᠨ ᠵᠥᠪᠰᠢᠶᠡᠷᠡᠬᠦ᠂ ᠮᠤᠳᠤ ᠣᠭᠲᠣᠯᠤᠭᠰᠠᠨ ᠭᠠᠵᠠᠷ ᠢ ᠰᠢᠨᠡᠳᠬᠡᠬᠦ᠂ | ᠶᠡᠷᠦᠩᠬᠡᠶᠢᠯᠡᠨ ᠵᠠᠰᠠᠬᠤ ᠲᠥᠪ ᠤᠨ ᠪᠣᠳᠠᠲᠤ ᠴᠣᠭᠴᠠᠵᠢᠭᠰᠠᠨ ᠠᠵᠢᠯᠯᠠᠭᠠᠨ᠂ ᠨᠤᠷᠠᠬᠤ ᠠᠶᠤᠯᠲᠠᠶ ᠬᠡᠷ ᠪᠠᠶᠢᠰᠢᠩ ᠢ | ᠥᠭᠡᠷᠡᠴᠢᠯᠡᠨ ᠵᠠᠰᠠᠬᠤ᠂ ᠨᠡᠮᠡᠵᠦ ᠬᠠᠰᠤᠭᠰᠠᠨ ᠲᠥᠷᠥᠯ ᠵᠦᠢᠯ ᠵᠡᠷᠭᠡ ᠠᠵᠢᠯ ᠤᠨ ᠠᠬᠢᠴᠠ ᠶᠢᠨ ᠪᠠᠶᠢᠳᠠᠯ ᠢ ᠵᠠᠷᠯᠠᠨ | ᠮᠡᠳᠡᠭᠳᠡᠵᠦ᠂ ᠣᠶ ᠰᠢᠭᠤᠶ ᠨᠤᠲᠤᠭ ᠪᠡᠯᠴᠢᠭᠡᠷ ᠢ ᠡᠪᠳᠡᠬᠦ ᠠᠵᠢᠯᠯᠠᠭ᠎ᠠ ᠳᠤ ᠴᠣᠬᠢᠯᠲᠠ ᠥᠭᠬᠦ᠂ ᠣᠶ ᠰᠢᠭᠤᠶ | ᠨᠤᠲᠤᠭ ᠪᠡᠯᠴᠢᠭᠡᠷ ᠲᠠᠷᠢᠶᠠᠯᠠᠬᠤ ᠭᠤᠷᠪᠠᠨ ᠡᠷᠬᠡ ᠳᠠᠪᠬᠤᠴᠠᠬᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ |