| 4 ᠰᠠᠷ᠎ᠠ ᠶᠢᠨ 29 ᠤ ᠡᠳᠦᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦ ᠶᠦᠩ᠂ | ᠳᠡᠳ᠋ ᠲᠡᠷᠢᠭᠦᠯᠡᠭᠴᠢ ᠸᠠᠩ ᠴᠧᠩ ᠬᠠᠮᠲᠤ ᠶᠠᠪᠣᠭᠰᠠᠳ ᠲᠠᠢ ᠪᠠᠨ ᠪᠠᠶᠠᠨᠲᠠᠯ᠎ᠠ ᠰᠤᠮᠤ ᠳᠤ ᠬᠦᠷᠴᠦ᠂ ᠣᠶ ᠰᠢᠭᠤᠶ | ᠨᠤᠲᠤᠭ ᠪᠡᠯᠴᠢᠭᠡᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠤᠰᠬᠠᠶ ᠴᠡᠭᠴᠡᠯᠡᠨ | ᠵᠠᠰᠠᠬᠤ ᠠᠵᠢᠯ ᠢ ᠬᠢᠨᠠᠨ ᠵᠢᠯᠣᠭᠤᠳᠪᠠ᠃ᠯᠢᠦ ᠶᠦᠩ ᠨᠠᠷ ᠬᠠᠷᠢᠶᠠᠲᠤ ᠣᠷᠣᠨ ᠤ ᠭᠠᠴᠠᠭ᠎ᠠ ᠲᠣᠰᠬᠤᠨ ᠤ ᠣᠶ | ᠰᠢᠭᠤᠶ ᠡᠪᠡᠰᠦᠲᠦ ᠭᠠᠵᠠᠷ ᠲᠤ ᠭᠦᠨᠵᠡᠭᠡᠶᠢᠷᠡᠵᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠠᠰᠠᠭᠤᠨ | ᠯᠠᠪᠯᠠᠵᠤ ᠰᠣᠯᠢᠯᠴᠠᠬᠤ ᠠᠷᠭ᠎ᠠ ᠮᠠᠶ᠋ᠢᠭ ᠢᠶᠠᠷ ᠳᠠᠮᠵᠢᠨ᠂ ᠬᠠᠷᠢᠶᠠᠲᠤ ᠣᠷᠣᠨ ᠤ ᠵᠢᠷᠤᠭ ᠲᠣᠯᠪᠤ ᠶᠢ ᠬᠠᠷᠭᠤᠭᠤᠯᠤᠨ | ᠪᠠᠶᠢᠴᠠᠭᠠᠬᠤ᠂ ᠮᠣᠳᠣ ᠣᠭᠲᠣᠯᠤᠭᠰᠠᠨ ᠭᠠᠵᠠᠷ ᠢ ᠨᠥᠬᠦᠵᠦ ᠳᠠᠷᠢᠬᠤ ᠵᠡᠷᠭᠡ ᠠᠵᠢᠯ ᠤᠨ ᠠᠬᠢᠴᠠ ᠶᠢᠨ ᠪᠠᠶᠢᠳᠠᠯ ᠢ | ᠨᠠᠷᠢᠨ ᠣᠶᠢᠯᠠᠭᠠᠬᠤ ᠶᠢᠨ ᠬᠠᠮᠲᠤ ᠣᠶ ᠰᠢᠭᠤᠶ ᠨᠣᠲᠤᠭ ᠪᠡᠯᠴᠢᠭᠡᠷ ᠢ ᠡᠪᠳᠡᠭᠰᠡᠨ ᠠᠵᠢᠯᠯᠠᠭ᠎ᠠ ᠶᠢ ᠲᠤᠰᠬᠠᠶ | ᠴᠡᠭᠴᠡᠯᠡᠨ ᠵᠠᠰᠠᠬᠤ ᠠᠵᠢᠯ ᠤᠨ ᠲᠣᠭᠤᠷᠢᠨ ᠳᠤ ᠵᠢᠯᠣᠭᠤᠳᠬᠤ ᠰᠠᠨᠠᠯ ᠳᠤᠷᠠᠳᠪᠠ᠃ |