ᠰᠢᠶᠠᠩᠱᠠᠨ ᠲᠠᠷᠢᠶᠠᠯᠠᠩ ᠤᠨ ᠲᠠᠯᠠᠪᠠᠶ᠄ ᠨᠡᠶᠢᠭᠡᠮᠴᠢᠯᠡᠭᠰᠡᠨ ᠤᠶᠢᠯᠡᠴᠢᠯᠡᠭᠡ ᠨᠢ ︽ᠲᠠᠷᠢᠶᠠᠨ ᠤ ᠠᠰᠠᠷᠠᠭᠴᠢ︾ ᠪᠣᠯᠵᠤ᠂ ᠲᠠᠷᠢᠶᠠᠴᠢᠳ ᠤᠨ ᠦᠪᠡᠷ ᠤᠨ ᠦᠷᠳᠡᠭ ᠢ ᠠᠷᠪᠢᠯᠠᠵᠤ ᠣᠷᠣᠯᠭ᠎ᠠ ᠶᠢ ᠨᠡᠮᠡᠭᠳᠡᠭᠦᠯᠪᠡ
ᠨᠡᠶᠢᠲᠡᠯᠡᠭᠰᠡᠨ ᠴᠠᠭ᠄
2025/4/8
   ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠪᠣᠯ ᠲᠠᠷᠢᠶᠠᠯᠠᠩ ᠤᠨ ᠣᠳᠣᠬᠢᠴᠢᠯᠠᠯᠲᠠ ᠶᠢᠨ ᠴᠢᠬᠤᠯᠠ ᠲᠤᠯᠭᠠᠭᠤᠷᠢᠯᠠᠯ ᠮᠥᠨ᠂ ᠵᠢᠵᠢᠭ ᠲᠠᠷᠢᠶᠠᠴᠢᠨ ᠡᠷᠦᠬᠡ ᠪᠣᠯᠤᠨ ᠣᠳᠣᠬᠢᠴᠢᠯᠠᠭᠰᠠᠨ ᠲᠠᠷᠢᠶᠠᠯᠠᠩ ᠢ ᠬᠤᠯᠪᠣᠬᠤ ᠬᠥᠭᠦᠷᠭᠡ ᠮᠥᠨ᠃ ᠣᠶᠢᠷ᠎ᠠ ᠶᠢᠨ ᠵᠢᠯ ᠤᠨ ᠲᠤᠷᠰᠢ᠂ ᠵᠠᠷᠤᠳ ᠬᠤᠰᠢᠭᠤᠨ ᠤ ᠰᠢᠶᠠᠩᠱᠠᠨ ᠲᠠᠷᠢᠶᠠᠯᠠᠩ ᠤᠨ ᠲᠠᠯᠠᠪᠠᠶ ᠲᠠᠷᠢᠶᠠᠯᠠᠩ ᠤᠨ ᠨᠡᠶᠢᠭᠡᠮᠴᠢᠯᠡᠭᠰᠡᠨ ᠤᠶᠢᠯᠡᠴᠢᠯᠡᠭᠡ ᠶᠢ ᠲᠠᠰᠤᠷᠠᠯᠲᠠ ᠦᠭᠡᠢ ᠴᠢᠩᠭᠠᠳᠬᠠᠵᠤ᠂ ᠵᠢᠵᠢᠭ ᠲᠠᠷᠢᠶᠠᠴᠢᠨ ᠤ ᠤᠶᠢᠯᠡᠳᠪᠤᠷᠢᠯᠡᠯ ᠤᠨ ᠠᠷᠭ᠎ᠠ ᠬᠡᠯᠪᠡᠷᠢ ᠶᠢ ᠳᠠᠬᠢᠨ ᠪᠠᠶᠢᠭᠤᠯᠵᠤ᠂ ᠵᠢᠵᠢᠭ ᠲᠠᠷᠢᠶᠠᠴᠢᠨ ᠡᠷᠦᠬᠡ ᠶᠢ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠵᠠᠮ ᠳᠤ ᠣᠷᠣᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ  ᠤᠶᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ︽ᠬᠡᠨ ᠲᠠᠷᠢᠶ᠎ᠠ ᠲᠠᠷᠢᠬᠤ︾᠂ ︽ᠶᠠᠭᠠᠬᠢᠵᠤ ᠲᠠᠷᠢᠶ᠎ᠠ ᠲᠠᠷᠢᠬᠤ︾ ᠠᠰᠠᠭᠤᠳᠠᠯ ᠢ ᠪᠦᠲᠦᠮᠵᠢᠲᠡᠶ ᠰᠢᠢᠳᠪᠤᠷᠢᠯᠡᠪᠡ᠃    
微信图片_20250408103429.jpg
    ᠣᠶᠢᠷ᠎ᠠ ᠳᠤ᠂ ᠰᠢᠶᠠᠩᠱᠠᠨ ᠲᠠᠷᠢᠶᠠᠯᠠᠩ ᠤᠨ ᠲᠠᠯᠠᠪᠠᠶ ᠬᠢᠭᠡᠳ ᠯᠢᠶᠣᠤᠨᠢᠩ ᠮᠤᠵᠢ ᠶᠢᠨ ᠲᠢᠶᠠᠨ ᠭᠤᠸᠠᠨ ᠵᠢᠶᠠ ᠲᠠᠷᠢᠶᠠᠯᠠᠩ ᠤᠨ ᠮᠠᠰᠢᠨ ᠤ ᠤᠶᠢᠯᠡᠴᠢᠯᠡᠭᠡᠨ ᠤ ᠬᠢᠵᠠᠭᠠᠷᠲᠤ ᠺᠣᠮᠫᠠᠨᠢ ᠭᠠᠵᠠᠷ ᠰᠢᠷᠣᠶ ᠶᠢ ᠨᠠᠶᠢᠳᠠᠨ ᠬᠠᠮᠢᠶᠠᠷᠤᠭᠤᠯᠬᠤ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠃ ᠡᠨᠡ ᠵᠢᠯ᠂ ᠲᠣᠰ ᠺᠣᠮᠫᠠᠨᠢ ᠰᠢᠶᠠᠩᠱᠠᠨ ᠲᠠᠷᠢᠶᠠᠯᠠᠩ ᠤᠨ ᠲᠠᠯᠠᠪᠠᠶ ᠳᠤ 7500 ᠮᠥ ᠥᠨᠳᠥᠷ ᠤᠭᠤᠷᠠᠭ ᠤᠨ ᠣᠨᠴᠠ ᠲᠥᠷᠥᠯ ᠤᠨ ᠡᠷᠳᠡᠨᠢ ᠰᠢᠰᠢ ᠳᠠᠷᠢᠬᠤ ᠰᠠᠭᠤᠷᠢᠨ ᠭᠠᠵᠠᠷ ᠪᠠᠶᠢᠭᠤᠯᠵᠤ᠂ ᠲᠠᠷᠢᠶᠠᠯᠠᠭ᠎ᠠ ᠶᠢ ᠪᠠᠷᠢᠮᠵᠢᠶᠠᠵᠢᠭᠤᠯᠬᠤ ᠪᠠ ᠥᠨᠳᠥᠷ ᠦᠷ᠎ᠡ ᠪᠦᠲᠦᠮᠵᠢᠲᠡᠶ ᠪᠣᠯᠭᠠᠬᠤ ᠶᠢ ᠦᠨᠡᠨ ᠬᠦ ᠪᠠᠲᠤᠯᠠᠵᠤ᠂ ᠪᠠᠰᠠ ᠵᠠᠬᠢᠶᠠᠯᠠᠭ᠎ᠠ ᠶᠢᠨ ᠦᠨ᠎ᠡ ᠶᠢ ᠪᠠᠲᠤᠯᠠᠨ ᠠᠰᠢᠭ ᠬᠤᠪᠢᠶᠠᠷᠢᠯᠠᠵᠤ᠂ ᠲᠠᠷᠢᠮᠠᠯ ᠤᠨ ᠡᠷᠦᠬᠡ ᠶᠢᠨ ᠥᠪᠡᠷ ᠤᠨ ᠥᠷᠲᠡᠭ ᠢ ᠪᠠᠭᠤᠷᠠᠭᠤᠯᠤᠨ ᠣᠷᠣᠯᠭ᠎ᠠ ᠶᠢ ᠨᠡᠮᠡᠭᠳᠡᠭᠦᠯᠬᠦ ᠶᠢ ᠪᠦᠲᠦᠮᠵᠢᠲᠡᠶ ᠬᠠᠪᠰᠤᠷᠤᠨ᠎ᠠ᠃    ᠰᠢᠶᠠᠩᠱᠠᠨ ᠲᠠᠷᠢᠶᠠᠯᠠᠩ ᠤᠨ ᠲᠠᠯᠠᠪᠠᠶ ᠶᠢᠨ ᠭᠤᠷᠪᠠᠳᠤᠭᠠᠷ ᠬᠤᠪᠢᠶᠠᠷᠢ ᠲᠠᠯᠠᠪᠠᠶ ᠶᠢᠨ ᠨᠠᠮ ᠤᠨ ᠡᠭᠦᠷ ᠤᠨ ᠱᠦᠵᠢ ᠰᠦᠨ ᠬᠤᠩ ᠯᠢᠶᠠᠩ᠄ ︽ᠠᠵᠢᠯᠲᠠᠨ ᠠᠵᠢᠯᠴᠢᠨ ᠤ ᠣᠷᠣᠯᠭ᠎ᠠ ᠶᠢ ᠨᠡᠮᠡᠭᠳᠡᠭᠦᠯᠬᠦ ᠶᠢᠨ ᠲᠥᠯᠥᠭᠡ᠂ ᠡᠨᠡ ᠵᠢᠯ ᠭᠤᠷᠪᠠᠳᠤᠭᠠᠷ ᠬᠤᠪᠢᠶᠠᠷᠢ ᠲᠠᠯᠠᠪᠠᠶ ᠨᠡᠶᠢᠲᠡ 2100 ᠮᠥ ᠭᠠᠵᠠᠷ ᠢ ᠨᠠᠶᠢᠳᠠᠨ ᠬᠠᠮᠢᠶᠠᠷᠤᠭᠤᠯᠵᠤ᠂ 80 ᠡᠷᠦᠬᠡ ᠬᠤᠯᠪᠣᠭᠳᠠᠵᠠᠶ᠃ ᠨᠠᠶᠢᠳᠠᠨ ᠬᠠᠮᠢᠶᠠᠷᠤᠭᠤᠯᠤᠭᠰᠠᠨ ᠤ ᠳᠠᠷᠠᠭ᠎ᠠ ᠠᠵᠢᠯᠲᠠᠨ ᠠᠵᠢᠯᠴᠢᠨ ᠤ ᠣᠷᠣᠯᠭ᠎ᠠ ᠢᠯᠡᠳᠲᠡ ᠳᠡᠭᠡᠭᠰᠢᠯᠡᠵᠦ᠂ ᠥᠩᠭᠡᠷᠡᠭᠰᠡᠨ ᠳᠤ ᠥᠪᠡᠷ ᠢᠶᠠᠨ ᠲᠠᠷᠢᠶ᠎ᠠ ᠳᠠᠷᠢᠵᠤ᠂ ᠨᠢᠭᠡ ᠮᠦ ᠭᠠᠵᠠᠷ ᠤᠨ ᠠᠰᠢᠭ ᠣᠷᠣᠯᠭ᠎ᠠ ᠪᠠᠷᠤᠭ ᠲᠠᠪᠤ ᠵᠢᠷᠭᠤᠭᠠᠨ ᠵᠠᠭᠤᠨ ᠲᠥᠭᠦᠷᠢᠭ ᠪᠠᠶᠢᠵᠤ᠂ ᠨᠠᠶᠢᠳᠠᠨ ᠬᠠᠮᠢᠶᠠᠷᠤᠭᠤᠯᠤᠭᠰᠠᠨ ᠤ ᠳᠠᠷᠠᠭ᠎ᠠ ᠮᠦ ᠪᠦᠷᠢ ᠨᠡᠮᠡᠭᠳᠡᠭᠡᠳ 800 ᠭᠠᠷᠤᠶ ᠲᠥᠭᠦᠷᠢᠭ  ᠬᠦᠷᠤᠨ᠎ᠡ︾ ᠭᠡᠪᠡ᠃   ︽ᠡᠨᠡ ᠵᠢᠯ ᠮᠠᠨ ᠤ ᠨᠡᠶᠢᠳᠡᠨ ᠬᠠᠮᠢᠶᠠᠷᠴᠦ ᠪᠠᠶᠢᠭ᠎ᠠ ᠭᠠᠵᠠᠷ ᠰᠢᠷᠤᠢ ᠶᠢᠨ ᠲᠠᠯᠠᠪᠠᠢ ᠨᠢᠳᠤᠨᠤᠨ ᠤ 200 ᠮᠦ ᠪᠠᠶᠢᠭᠰᠠᠨ ᠠᠴᠠ ᠪᠠᠨ 7500 ᠮᠦ ᠪᠤᠯᠵᠤ ᠦᠷᠭᠡᠵᠢᠪᠡ᠃ ᠪᠢᠳᠡ ᠨᠠᠶᠢᠳᠠᠨ ᠬᠠᠮᠢᠶᠠᠷᠤᠭᠤᠯᠬᠤ ᠵᠠᠭᠪᠤᠷ ᠢ ᠬᠡᠷᠡᠭᠯᠡᠵᠦ ᠂ ᠣᠳᠣᠬᠠᠨ ᠳᠤ ᠲᠠᠷᠢᠶᠠᠴᠢᠳ ᠤᠨ ᠮᠦ ᠪᠦᠷᠢ ᠶᠢᠨ ᠪᠡᠯᠡ ᠣᠷᠣᠭᠤᠯᠤᠯᠲᠠ ᠪᠠᠷᠤᠭ 600 ᠲᠥᠭᠦᠷᠢᠭ ᠣᠷᠴᠢᠮ ᠪᠠᠶᠢᠨ᠎ᠠ᠃ ᠪᠢᠳᠡ ᠲᠠᠷᠢᠶᠠᠴᠢᠳ ᠤᠨ ᠤᠷᠤᠯᠭ᠎ᠠ ᠶᠢ ᠪᠠᠲᠤᠯᠠᠭ᠎ᠠ ᠲᠠᠢ ᠪᠤᠯᠭᠠᠵᠦ᠂ ᠲᠡᠳᠡᠨ ᠤ ᠥᠪᠡᠷ ᠢᠶᠠᠨ ᠲᠠᠷᠢᠬᠤ ᠠᠴᠠ ᠡᠮᠦᠨ᠎ᠡ ᠬᠤᠶᠢᠨ᠎ᠠ ᠣᠯᠣᠭᠰᠠᠨ ᠣᠷᠣᠯᠭ᠎ᠠ ᠠᠴᠠ ᠥᠨᠳᠥᠷ ᠪᠠᠶᠢᠨ᠎ᠠ᠃ ᠪᠢᠳᠡ ᠬᠠᠮᠲᠤᠷᠠᠨ ᠠᠵᠢᠯᠯᠠᠬᠤ ᠶᠢᠨ ᠵᠣᠷᠢᠯᠭ᠎ᠠ ᠪᠣᠯ ᠭᠠᠵᠠᠷ ᠰᠢᠷᠣᠶ ᠶᠢᠨ ᠦᠷ᠎ᠡ ᠠᠰᠢᠭ ᠢ ᠭᠦᠢᠴᠡᠳ ᠠᠭᠤᠳᠠᠯᠵᠦ᠂ ᠭᠠᠵᠠᠷ ᠰᠢᠷᠣᠶ ᠶᠢᠨ ᠭᠠᠷᠭᠠᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠭᠦᠨ ᠢᠶᠠᠷ ᠭᠠᠵᠠᠷ ᠰᠢᠷᠣᠶ ᠶᠢᠨ ᠦᠷ᠎ᠡ ᠠᠰᠢᠭ ᠢ ᠨᠡᠮᠡᠭᠳᠡᠭᠦᠯᠬᠦ ᠪᠠ ᠲᠠᠷᠢᠶᠠᠴᠢᠳ ᠤᠨ ᠠᠰᠢᠭ ᠣᠷᠣᠯᠭ᠎ᠠ ᠶᠢᠨ ᠬᠡᠷᠡᠭᠴᠡᠭᠡ ᠶᠢ ᠨᠥᠬᠦᠪᠥᠷᠢᠯᠡᠬᠦ ᠶᠢᠨ ᠲᠥᠯᠥᠭᠡ ᠶᠤᠮ︾ ᠭᠡᠵᠦ ᠯᠢᠶᠤᠤᠨᠢᠩ ᠮᠤᠵᠢ ᠶᠢᠨ ᠲᠢᠶᠠᠨ ᠭᠤᠸᠠᠨ ᠵᠢᠶᠠ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ  ᠬᠠᠷᠢᠭᠤᠴᠠᠯᠭᠠᠳᠠᠨ ᠰᠢᠤᠢ ᠸᠧᠢ ᠬᠡᠯᠡᠪᠡ᠃     
微信图片_20250408103413.jpg
   ᠣᠶᠢᠷ᠎ᠠ ᠶᠢᠨ ᠬᠡᠳᠦᠨ ᠵᠢᠯ ᠳᠤ᠂ ᠰᠢᠶᠠᠩᠱᠠᠨ ᠲᠠᠷᠢᠶᠠᠯᠠᠩ ᠤᠨ ᠲᠠᠯᠠᠪᠠᠶ ᠣᠲᠣ ᠦᠶ᠎ᠡ ᠶᠢᠨ ᠲᠠᠷᠢᠶᠠᠯᠠᠩ ᠤᠨ ᠬᠠᠨᠳᠤᠰᠢ ᠶᠢᠨ ᠲᠡᠮᠳᠡᠭ ᠢ ᠴᠢᠩᠭ᠎ᠠ ᠠᠩᠬᠠᠷᠴᠤ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠶᠡᠭᠡ ᠪᠠᠷ ᠬᠠᠶᠢᠨ ᠰᠦᠪᠡᠭᠴᠢᠯᠡᠵᠦ᠂ ᠲᠠᠷᠢᠶᠠᠯᠠᠩ ᠤᠨ ᠮᠠᠰᠢᠨ ᠤ ᠦᠢᠯᠡᠴᠢᠯᠡᠭᠡ ᠳᠤ ᠰᠠᠭᠤᠷᠢᠯᠠᠨ᠂ ︽ᠵᠠᠰᠠᠭ ᠤᠨ ᠣᠷᠳᠣᠨ ᠬᠥᠲᠥᠯᠦᠨ ᠵᠢᠯᠤᠭᠤᠳᠬᠤ  + ᠬᠤᠷᠰᠢᠶ᠎ᠠ ᠶᠢᠨ ᠡᠵᠡᠩᠨᠡᠯᠲᠡ + ᠠᠵᠢᠯᠲᠠᠨ ᠠᠵᠢᠯᠴᠢᠨ ᠤᠷᠤᠯᠴᠠᠬᠤ︾ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠬᠠᠶᠢᠨ ᠰᠦᠪᠡᠭᠴᠢᠯᠡᠪᠡ᠃    ᠣᠳᠣᠬᠠᠨ ᠳᠤ ᠶᠠᠭ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠤᠨ ᠵᠠᠩᠭᠢᠯᠠᠭ᠎ᠠ ᠶᠢᠨ ᠴᠠᠭ ᠦᠶ᠎ᠡ ᠪᠠᠶᠢᠵᠤ᠂ ᠰᠢᠶᠠᠩᠱᠠᠨ ᠲᠠᠷᠢᠶᠠᠯᠠᠩ ᠤᠨ ᠲᠠᠯᠠᠪᠠᠶ ᠶᠢᠨ ᠬᠤᠶᠠᠳᠤᠭᠠᠷ ᠬᠤᠪᠢᠶᠠᠷᠢ ᠲᠠᠯᠠᠪᠠᠶ ᠳᠤ᠂ ᠣᠶᠤᠨᠴᠢ ᠲᠠᠷᠢᠶᠠᠯᠠᠩ ᠤᠨ ᠪᠥᠲᠥᠭᠡᠨ ᠪᠠᠶᠢᠭᠤᠯᠤᠯᠲᠠ ᠪᠠᠴᠢᠮ ᠶᠠᠭᠠᠷᠠᠯᠲᠠᠶ ᠶᠠᠪᠤᠭᠳᠠᠵᠤ ᠪᠠᠶᠢᠨ᠎ᠠ᠃ ᠬᠤᠶᠠᠳᠤᠭᠠᠷ ᠬᠤᠪᠢᠶᠠᠷᠢ ᠲᠠᠯᠠᠪᠠᠶ ᠶᠢᠨ ᠠᠵᠢᠯᠲᠠᠨ   ᠭᠠᠢ ᠶᠦᠩ ᠴᠧᠩ ᠬᠡᠷ ᠤᠨ ᠲᠠᠷᠢᠶᠠᠨ ᠭᠠᠵᠠᠷ ᠢᠶᠠᠨ ᠠᠵᠤ ᠠᠬᠤᠶᠢᠯᠠᠯ ᠳᠤ ᠰᠢᠯᠵᠢᠭᠦᠯᠦᠭᠰᠡᠨ ᠤ ᠳᠠᠷᠠᠭ᠎ᠠ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ ᠲᠦᠷ ᠴᠠᠭ ᠤᠨ ᠠᠵᠢᠯᠴᠢᠨ  ᠢᠶᠠᠷ ᠡᠯᠰᠡᠭᠳᠡᠪᠡ᠃ ︽ᠥᠩᠭᠡᠷᠡᠭᠰᠡᠨ ᠳᠤ ᠬᠠᠪᠤᠷ ᠤᠨ ᠲᠠᠷᠢᠶᠠᠯᠠᠭ᠎ᠠ ᠪᠣᠯ ᠶᠠᠭ ᠵᠣᠭᠤᠰ ᠣᠷᠣᠭᠤᠯᠬᠤ ᠴᠠᠭ ᠮᠥᠨ᠂ ᠦᠷ᠎ᠡ᠂ ᠬᠢᠮᠢ ᠶᠢᠨ ᠪᠤᠷᠳᠤᠭᠤᠷ ᠬᠤᠳᠠᠯᠳᠤᠨ ᠠᠪᠤᠨ᠎ᠠ᠂  ᠦᠨᠤ ᠭᠠᠵᠠᠷ ᠰᠢᠷᠣᠶ ᠶᠢ ᠺᠣᠮᠫᠠᠨᠢ ᠳᠤ ᠰᠢᠯᠵᠢᠭᠦᠯᠤᠭᠡᠳ᠂ ᠪᠢ ᠬᠥᠯᠥᠰᠥᠨ ᠠᠵᠢᠯ ᠬᠢᠭᠡᠳ ᠪᠠᠰᠠ ᠪᠠᠭ᠎ᠠ ᠵᠣᠭᠤᠰ ᠣᠯᠵᠤ ᠴᠢᠳᠠᠨ᠎ᠠ︾ ᠭᠡᠵᠦ ᠭᠠᠢ ᠶᠦᠩ ᠴᠧᠩ ᠬᠡᠯᠡᠪᠡ᠃   ᠤᠢᠢᠷ᠎ᠠ ᠶᠢᠨ ᠵᠢᠯ ᠠᠴᠠ᠂ ᠰᠢᠶᠠᠩᠱᠠᠨ ᠲᠠᠷᠢᠶᠠᠯᠠᠩ ᠤᠨ ᠲᠠᠯᠠᠪᠠᠢ ᠦᠢᠯᠡᠳᠪᠦᠷᠢᠯᠡᠯ ᠤᠨ ᠨᠠᠶᠢᠳᠠᠨ ᠬᠠᠮᠢᠶᠠᠷᠤᠭᠤᠯᠬᠤ ᠪᠠᠷ ᠭᠤᠣᠯ ᠪᠣᠯᠭᠠᠭᠰᠠᠨ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠶᠡᠬᠡᠪᠡᠷ ᠠᠬᠢᠭᠤᠯᠵᠤ᠂ ᠡᠯ᠎ᠡ ᠲᠦᠷᠦᠯ ᠤᠨ ᠲᠠᠷᠢᠶᠠᠯᠠᠩ ᠤᠨ ᠦᠢᠯᠡᠴᠢᠯᠡᠭᠡᠨ ᠤ ᠡᠬᠢ ᠪᠠᠶᠠᠯᠢᠭ ᠢ ᠨᠢᠭᠡᠳᠭᠡᠵᠦ᠂ ᠲᠤᠰᠬᠠᠶᠢᠵᠢᠭᠰᠠᠨ᠂ ᠪᠠᠷᠢᠮᠵᠢᠶᠠᠵᠢᠭᠰᠠᠨ᠂ ᠡᠷᠴᠢᠮᠵᠢᠭᠦᠯᠦᠭᠰᠡᠨ ᠦᠢᠯᠡᠴᠢᠯᠡᠭᠡᠨ ᠤ ᠵᠠᠭᠪᠤᠷ ᠢᠶᠠᠷ ᠳᠠᠮᠵᠢᠭᠤᠯᠵᠤ᠂ ᠲᠠᠷᠢᠶᠠᠴᠢᠨ ᠡᠷᠦᠬᠡ ᠳᠤ ᠪᠦᠬᠦ ᠲᠠᠯ᠎ᠠ ᠶᠢᠨ᠂ ᠤᠯᠠᠨ ᠲᠡᠰ ᠳᠠᠪᠬᠤᠷᠭ᠎ᠠ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠦᠢᠯᠡᠴᠢᠯᠡᠭᠡ ᠬᠠᠩᠭᠠᠵᠤ᠂ ᠵᠠᠰᠠᠭ ᠤᠨ ᠣᠷᠳᠣᠨ ᠠᠴᠠ ᠬᠦᠳᠦᠯᠥᠨ ᠵᠢᠯᠣᠭᠤᠳᠬᠤ᠂ ᠬᠤᠷᠰᠢᠶ᠎ᠠ ᠪᠠᠷ ᠲᠦᠷᠦᠭᠦᠯᠡᠭᠦᠯᠬᠦ᠂ ᠡᠳ᠋ ᠤᠨ ᠵᠠᠰᠠᠭ ᠠᠴᠠ ᠳᠡᠮᠵᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ᠂ ᠲᠠᠷᠢᠶᠠᠯᠠᠩ ᠤᠨ ᠦᠢᠯᠡᠳᠪᠦᠷᠢᠯᠡᠯ ᠤᠨ ᠨᠠᠶᠢᠳᠠᠨ ᠬᠠᠮᠢᠶᠠᠷᠤᠭᠤᠯᠬᠤ᠂ ᠲᠠᠷᠢᠶᠠᠯᠠᠩ ᠤᠨ ᠪᠦᠲᠦᠭᠡᠭᠳᠡᠬᠦᠨ ᠢ ᠠᠩᠬ᠎ᠠ ᠪᠣᠯᠪᠠᠰᠤᠷᠠᠭᠤᠯᠬᠤ ᠵᠡᠷᠭᠡ ᠠᠯᠢ ᠤᠯᠠᠨ ᠦᠢᠯᠡᠴᠢᠯᠡᠭᠡ ᠶᠢ ᠥᠷᠨᠢᠭᠦᠯᠵᠦ᠂ ︽ᠭᠠᠭᠴᠠᠭᠠᠷ ᠲᠡᠮᠡᠴᠡᠬᠦ︾ ᠠᠴᠠ ︽ᠬᠠᠮᠲᠤ ᠪᠠᠷ ᠪᠠᠶᠢᠯᠳᠤᠬᠤ︾ ᠶᠢ ᠪᠡᠶᠡᠯᠡᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠴᠢᠨᠠᠷ ᠰᠠᠶᠢᠲᠠᠢ᠂ ᠥᠨᠳᠥᠷ ᠪᠦᠲᠦᠮᠵᠢᠲᠡᠢ ᠬᠥᠭᠵᠢᠬᠦ ᠶᠢ ᠠᠬᠢᠭᠤᠯᠵᠤ᠂ ᠠᠮᠤ ᠪᠤᠳᠠᠭᠠᠨ ᠤ ᠠᠵᠤ ᠦᠢᠯᠡᠰ ᠤᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号