ᠲᠠᠪᠤᠨ ᠶᠡᠭᠡ ᠡᠭᠦᠷᠭᠡ ᠶᠢᠨ ᠦᠷ᠎ᠡ ᠪᠦᠲᠦᠮᠵᠢ ᠤᠯᠬᠤ ᠶᠢ ᠠᠬᠢᠭᠤᠯᠬᠤ ---- ᠣᠷᠴᠢᠨ ᠲᠣᠭᠤᠷᠢᠨ ᠤ ᠡᠬᠢ ᠪᠠᠶᠠᠯᠢᠭ ᠢ ᠡᠪᠳᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠠᠮᠢ ᠠᠬᠤᠶ ᠶᠢᠨ ᠤᠯᠠᠭᠠᠨ ᠱᠤᠭᠤᠮ ᠢ ᠪᠥᠬᠦ ᠬᠦᠴᠦᠨ ᠢᠶᠠᠷ ᠢᠶᠠᠨ ᠬᠠᠮᠠᠭᠠᠯᠠᠶ᠎ᠠ
ᠨᠡᠶᠢᠲᠡᠯᠡᠭᠰᠡᠨ ᠴᠠᠭ᠄
2025/4/8
    ᠣᠳᠣᠬᠠᠨ ᠳᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠬᠢᠨ ᠶᠠᠭ ︽ᠣᠷᠴᠢᠨ ᠲᠣᠭᠤᠷᠢᠨ ᠤ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠥᠪᠯᠡᠷᠡᠭᠦᠯᠦᠨ ᠰᠢᠪᠳᠣᠯᠬᠤ ᠠᠵᠢᠯᠯᠠᠭ᠎ᠠ︾ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠤᠲᠤᠭ ᠪᠡᠯᠴᠢᠭᠡᠷ ᠤᠨ ᠣᠶᠢᠲᠤ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠡᠪᠳᠡᠬᠦ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠬᠦ ᠪᠠ ᠡᠷᠡᠭᠦᠦ ᠶᠢᠨ ᠬᠠᠣᠯᠢ ᠴᠠᠭᠠᠵᠠ ᠶᠢ ᠵᠣᠯᠭᠠᠭᠤᠯᠬᠤ ᠲᠣᠭᠲᠠᠴᠠ ᠪᠣᠯᠤᠨ ᠣᠯᠠᠨ ᠰᠠᠯᠠᠭ᠎ᠠ ᠮᠥᠴᠢᠷ ᠬᠠᠮᠵᠢᠯᠴᠠᠨ ᠪᠠᠶᠢᠯᠳᠣᠬᠤ ᠪᠠᠷ ᠳᠠᠮᠵᠢᠭᠤᠯᠣᠨ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠵᠤ ᠪᠠᠶᠢᠨ᠎ᠠ᠃    ᠣᠶᠢᠷ᠎ᠠ ᠳᠤ᠂ ᠵᠠᠷᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠢ ᠠᠬᠤᠢ ᠣᠷᠴᠢᠨ ᠲᠣᠭᠤᠷᠢᠨ ᠪᠠ ᠢᠳᠡᠭᠡᠨ ᠡᠮ ᠤᠨ ᠵᠦᠢᠯᠡᠰ ᠤᠨ ᠶᠠᠯᠠᠲᠤ ᠠᠵᠢᠯᠯᠠᠭ᠎ᠠ ᠶᠢ ᠲᠠᠩᠨᠠᠨ ᠪᠠᠶᠢᠴᠠᠭᠠᠬᠤ ᠶᠡᠭᠡ ᠠᠩᠭᠢ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠨᠢᠭᠡ ᠬᠡᠷᠡᠭ ᠢ ᠢᠯᠡᠷᠡᠭᠦᠯᠵᠦ᠂ ᠶᠠᠯ᠎ᠠ ᠬᠢᠭᠰᠡᠨ 1 ᠰᠡᠵᠢᠭᠳᠡᠨ ᠳᠤ ᠴᠣᠬᠢᠯᠲᠠ ᠥᠭᠴᠦ  ᠰᠢᠢᠳᠭᠡᠪᠡ᠃ ᠪᠦᠦ ᠣᠪᠣᠭᠲᠤ ᠶᠢᠨ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠰᠡᠵᠢᠭᠯᠡᠯᠲᠡᠶ ᠬᠡᠷᠡᠭ ᠢ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠢ ᠠᠬᠤᠢ ᠣᠷᠴᠢᠨ ᠲᠣᠭᠤᠷᠢᠨ ᠪᠠ ᠢᠳᠡᠭᠡᠨ ᠡᠮ ᠤᠨ ᠵᠦᠢᠯᠡᠰ ᠤᠨ ᠶᠠᠯᠠᠲᠤ ᠠᠵᠢᠯᠯᠠᠭ᠎ᠠ ᠶᠢ ᠲᠠᠩᠨᠠᠨ ᠪᠠᠶᠢᠴᠠᠭᠠᠬᠤ ᠶᠡᠭᠡ ᠠᠩᠭᠢ ᠳᠤ ᠰᠢᠯᠵᠢᠭᠦᠯᠦᠨ ᠬᠦᠷᠭᠡᠪᠡ᠃ ᠴᠠᠭᠳᠠᠭᠠᠨ ᠤ ᠲᠠᠯ᠎ᠠ ᠶᠢᠨ ᠬᠢᠨ ᠳᠠᠷᠤᠶ ᠲᠦᠷᠭᠡᠨ ᠲᠤᠰᠬᠠᠶ ᠬᠡᠷᠡᠭ ᠤᠨ ᠳᠤᠭᠤᠶᠢᠯᠠᠩ ᠪᠠᠶᠢᠭᠤᠯᠵᠤ᠂ ᠲᠤᠬᠠᠶ ᠶᠢᠨ ᠭᠠᠵᠠᠷ ᠲᠤᠨᠢ ᠬᠠᠶᠢᠨ ᠬᠡᠮᠵᠢᠬᠦ᠂ ᠳᠠᠭᠠᠭᠤᠯᠢ ᠣᠳᠣᠨ ᠤ ᠠᠯᠤᠰ ᠰᠡᠷᠡᠯ ᠤᠨ ᠬᠠᠷᠢᠴᠠᠭᠤᠯᠤᠯ ᠵᠢᠴᠢ ᠭᠡᠷᠡᠴᠢ ᠪᠠᠷᠢᠮᠲᠠ ᠶᠢᠨ ᠬᠡᠯᠬᠢᠶ᠎ᠡ ᠪᠠᠷ ᠳᠠᠮᠵᠢᠭᠤᠯᠤᠨ ᠪᠦᠦ ᠣᠪᠣᠭᠲᠤ ᠶᠢᠨ ᠶᠠᠯ᠎ᠠ ᠬᠢᠭᠰᠡᠨ ᠪᠣᠳᠠᠲᠤ ᠶᠠᠪᠤᠳᠠᠯ ᠢ ᠨᠤᠲᠠᠯᠠᠵᠠᠶ᠃ 2025 ᠣᠨ ᠤ 1 ᠰᠠᠷ᠎ᠠ ᠶᠢᠨ 16  ᠤ ᠡᠳᠦᠷ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠶᠠᠯ᠎ᠠ ᠳᠤ ᠬᠤᠯᠪᠣᠭᠳᠠᠭᠰᠠᠨ ᠪᠣᠤ ᠣᠪᠣᠭᠲᠤ ᠳᠤ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠤᠪᠠ᠃    ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠪᠠᠶᠢᠴᠠᠭᠠᠨ ᠳᠣᠲᠣᠯᠠᠭᠰᠠᠨ ᠢᠶᠠᠷ᠂ 2023 ᠣᠨ ᠠᠴᠠ 2024 ᠣᠨ ᠤ ᠬᠤᠭᠤᠷᠣᠨᠳᠣ᠂ ᠪᠦᠦ ᠣᠪᠣᠭᠲᠤ ᠵᠠᠷᠤᠳ ᠬᠤᠰᠢᠭᠤᠨ ᠤ ᠨᠢᠭᠡᠨ ᠰᠤᠮᠤᠨ ᠤ ᠭᠠᠵᠠᠷ ᠰᠢᠷᠣᠶ ᠶᠢᠨ ᠰᠢᠨᠵᠢ ᠴᠢᠨᠠᠷ ᠨᠢ ᠲᠡᠭᠦᠨ ᠤ ᠡᠬᠡ ᠶᠠᠩ ᠣᠪᠣᠭᠲᠤ ᠶᠢᠨ ᠨᠡᠷ᠎ᠡ ᠳᠡᠭᠡᠷᠡᠬᠢ ᠡᠷᠬᠡ ᠶᠢ ᠨᠤᠲᠠᠯᠠᠭᠰᠠᠨ ᠨᠤᠲᠤᠭ ᠪᠡᠯᠴᠢᠭᠡᠷ ᠪᠣᠯᠬᠤ ᠶᠢ ᠲᠣᠳᠣᠷᠬᠠᠶ ᠮᠡᠳᠡᠵᠦ ᠪᠠᠶᠢᠭᠠᠳ ᠬᠠᠤᠯᠢ ᠪᠤᠰᠤ ᠪᠠᠷ ᠨᠤᠲᠤᠭ ᠪᠡᠯᠴᠢᠭᠡᠷ ᠢ ᠬᠠᠭᠠᠯᠪᠤᠷᠢᠯᠠᠵᠤ᠂ ᠡᠷᠳᠡᠨᠢ ᠰᠢᠰᠢ᠂ ᠨᠡᠷᠡᠨ ᠬᠤᠸᠠᠷ ᠵᠢᠴᠢ ᠬᠥᠬᠡ ᠳᠠᠷᠣᠰᠢ ᠵᠡᠷᠭᠡ ᠲᠠᠷᠢᠮᠠᠯ ᠢ ᠶᠡᠭᠡ ᠬᠡᠪᠴᠢᠶ᠎ᠡ ᠪᠠᠷ ᠲᠠᠷᠢᠪᠠ᠃ ᠭᠤᠷᠪᠠᠳᠠᠭᠴᠢ ᠲᠠᠯ᠎ᠠ ᠶᠢᠨ ᠬᠡᠮᠵᠢᠯᠲᠡ ᠪᠠᠷ᠄ ᠪᠦᠦ ᠣᠪᠣᠭᠲᠤ ᠶᠢᠨ ᠡᠷᠬᠡ ᠨᠤᠲᠠᠯᠠᠨ ᠲᠣᠭᠲᠠᠭᠠᠭᠰᠠᠨ ᠨᠤᠲᠤᠭ ᠪᠡᠯᠴᠢᠭᠡᠷ ᠤᠨ ᠳᠣᠲᠣᠷ᠎ᠠ ᠳᠠᠷᠢᠭᠰᠠᠨ ᠲᠠᠷᠢᠮᠠᠯ ᠤᠨ ᠶᠡᠷᠦᠩᠬᠡᠶ ᠲᠠᠯᠠᠪᠠᠶ ᠨᠢ 487.16 ᠮᠥ ᠪᠠᠶᠢᠵᠤ᠂ ᠶᠠᠯ᠎ᠠ ᠬᠢᠭᠰᠡᠨ ᠰᠡᠵᠢᠭᠳᠡᠨ ᠪᠦᠦ ᠣᠪᠣᠭᠲᠤ ᠶᠢᠨ ᠦᠢᠯᠡ ᠠᠵᠢᠯᠯᠠᠭ᠎ᠠ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠶᠢᠨ ᠭᠤᠷᠪᠠᠨ ᠵᠠᠭᠤ ᠳᠥᠴᠢᠨ ᠬᠤᠶᠠᠳᠤᠭᠠᠷ ᠵᠦᠢᠯ ᠤᠨ ᠲᠣᠭᠲᠠᠭᠠᠯ ᠠᠴᠠ ᠵᠦᠷᠢᠴᠡᠵᠦ᠂ 2025 ᠣᠨ ᠤ 3 ᠰᠠᠷ᠎ᠠ ᠶᠢᠨ 5  ᠤ ᠡᠳᠦᠷ᠂ ᠪᠦᠦ ᠣᠪᠣᠭᠲᠤ ᠶᠢᠨ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠰᠡᠵᠢᠭᠯᠡᠯᠲᠡᠶ ᠬᠡᠷᠡᠭ ᠢ ᠵᠠᠷᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠦᠩᠯᠢᠶᠣᠤ ᠬᠤᠲᠠ ᠶᠢᠨ ᠲᠡᠮᠦᠷ ᠵᠠᠮ ᠤᠨ ᠪᠠᠶᠢᠴᠠᠭᠠᠬᠤ ᠬᠤᠷᠢᠶ᠎ᠠ ᠳᠤ ᠰᠢᠯᠵᠢᠭᠦᠯᠦᠨ ᠵᠠᠭᠠᠯᠳᠤᠭᠤᠯᠪᠠ᠃    ᠠᠮᠢ ᠠᠬᠤᠢ ᠶᠢᠨ ᠤᠯᠠᠭᠠᠨ ᠱᠤᠭᠤᠮ ᠢ ᠲᠠᠯᠬᠢᠳᠠᠵᠤ ᠪᠣᠯᠬᠤ ᠦᠭᠡᠢ᠂ ᠬᠠᠤᠯᠢᠵᠢᠯ ᠢᠶᠠᠷ ᠪᠣᠬᠢᠷᠲᠤᠯ ᠦᠭᠡᠢ ᠬᠥᠭᠵᠢᠯᠲᠡ ᠶᠢ ᠬᠠᠮᠠᠭᠠᠯᠠᠨ᠎ᠠ᠃ ᠵᠠᠷᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠢᠯᠡᠷᠬᠡᠶᠢᠯᠡᠬᠦ ᠳᠡᠭᠡᠨ᠂ ᠲᠣᠰ ᠬᠡᠷᠡᠭ ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠣᠷᠴᠢᠨ ᠠᠬᠤᠶ ᠶᠢᠨ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠲᠥᠪᠯᠡᠷᠡᠭᠦᠯᠦᠨ ᠰᠢᠪᠳᠣᠯᠬᠤ ᠠᠵᠢᠯᠯᠠᠭ᠎ᠠ ᠶᠢᠨ ᠭᠤᠤᠯᠳᠠᠯᠭ᠎ᠠ ᠲᠠᠢ ᠴᠣᠬᠢᠯᠲᠠ ᠥᠭᠭᠦᠭᠰᠡᠨ ᠬᠡᠷᠡᠭ ᠪᠣᠯᠤᠨ᠎ᠠ᠂ ᠡᠨᠡ  ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠠᠮᠢ ᠠᠬᠤᠶ ᠶᠢᠨ ᠣᠷᠴᠢᠨ ᠨᠥᠬᠦᠴᠡᠯ ᠢ ᠡᠪᠳᠡᠭᠰᠡᠨ ᠵᠢᠴᠢ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠶᠠᠯᠠᠲᠤ ᠠᠵᠢᠯᠯᠠᠭ᠎ᠠ ᠳᠤ ᠣᠭᠲᠣ ᠠᠭᠤᠴᠢᠯᠠᠬᠤ ᠥᠬᠡᠶ ᠣᠪᠣᠷ ᠢ ᠢᠯᠡᠷᠡᠭᠦᠯᠪᠡ᠃  2025 ᠣᠨ ᠤ ᠡᠬᠢ ᠠᠴᠠ ᠣᠲᠣ ᠪᠣᠯᠲᠠᠯ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠢ ᠠᠬᠤᠢ ᠣᠷᠴᠢᠨ ᠲᠣᠭᠤᠷᠢᠨ ᠪᠠ ᠢᠳᠡᠭᠡᠨ ᠡᠮ ᠤᠨ ᠵᠦᠢᠯᠡᠰ ᠤᠨ ᠶᠠᠯᠠᠲᠤ ᠠᠵᠢᠯᠯᠠᠭ᠎ᠠ ᠶᠢ ᠲᠠᠩᠨᠠᠨ ᠪᠠᠶᠢᠴᠠᠭᠠᠬᠤ ᠶᠡᠭᠡ ᠠᠩᠭᠢ 30 ᠣᠶ ᠰᠢᠭᠤᠶ ᠶᠢᠨ ᠬᠡᠷᠡᠭ ᠢ ᠰᠢᠢᠳᠭᠡᠵᠦ᠂ 22 ᠬᠡᠷᠡᠭ ᠢ ᠢᠯᠡᠷᠡᠭᠦᠯᠵᠦ᠂ 22 ᠬᠥᠮᠦᠨ ᠳᠤ ᠡᠷᠡᠭᠦᠦ ᠶᠢᠨ ᠬᠡᠷᠡᠭ ᠤᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠤ᠂ 11 ᠬᠡᠷᠡᠭ ᠢ ᠬᠢᠨᠠᠨ ᠪᠠᠶᠢᠴᠠᠭᠠᠯᠭᠠᠵᠤ ᠵᠠᠭᠠᠯᠳᠤᠭᠤᠯᠬᠤ ᠪᠠᠷ ᠰᠢᠯᠵᠢᠭᠦᠯᠦᠨ ᠬᠦᠷᠭᠡᠪᠡ᠃    ᠴᠠᠭᠳᠠᠭᠠᠨ ᠤ ᠲᠠᠯ᠎ᠠ ᠶᠢᠨ ᠬᠢᠨ ᠰᠠᠨᠠᠭᠤᠯᠬᠤ ᠳᠠᠭᠠᠨ᠄ ᠲᠠᠷᠢᠶᠠᠨ ᠭᠠᠵᠠᠷ ᠪᠣᠯᠤᠨ ᠨᠤᠲᠤᠭ ᠪᠡᠯᠴᠢᠭᠡᠷ ᠪᠣᠯ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠤ ᠰᠠᠭᠤᠷᠢ ᠮᠥᠨ᠂ ᠬᠠᠤᠯᠢ ᠶᠢ ᠵᠥᠷᠢᠴᠡᠨ ᠨᠤᠲᠤᠭ ᠪᠡᠯᠴᠢᠭᠡᠷ ᠢ ᠬᠠᠭᠠᠯᠪᠤᠷᠢᠯᠠᠬᠤ ᠪᠠ ᠬᠠᠤᠯᠢ ᠶᠢ ᠵᠥᠷᠢᠴᠡᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠶᠠᠮᠠᠷᠪᠠ ᠦᠢᠯᠡ ᠠᠵᠢᠯᠯᠠᠭ᠎ᠠ ᠨᠢ ᠯᠠᠪᠲᠠᠶ ᠬᠠᠤᠯᠢ ᠴᠠᠭᠠᠵᠠ ᠶᠢᠨ ᠴᠢᠩᠭ᠎ᠠ ᠰᠢᠢᠳᠭᠡᠯ ᠢ ᠣᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠪᠠᠶᠢᠭᠠᠯᠢ ᠶᠢᠨ ᠡᠬᠢ ᠪᠠᠶᠠᠯᠢᠭ ᠢ ᠬᠠᠮᠲᠤ ᠪᠠᠷ ᠰᠠᠬᠢᠨ ᠬᠠᠮᠠᠭᠠᠯᠠᠵᠤ᠂ ᠦᠷᠭᠦᠯᠵᠢᠯᠡᠬᠦᠶᠢᠴᠡ ᠬᠥᠭᠵᠢᠯᠲᠡ ᠶᠢᠨ ᠣᠷᠴᠢᠨ ᠲᠣᠭᠤᠷᠢᠨ ᠢ ᠬᠠᠮᠠᠭᠠᠯᠠᠬᠤ ᠬᠡᠷᠡᠭᠲᠡᠶ ᠭᠡᠵᠦ ᠤᠷᠢᠶᠠᠯᠠᠵᠤ ᠪᠠᠶᠢᠨ᠎ᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号