ᠲᠡᠵᠢᠭᠡᠯ ᠡᠪᠡᠰᠦ ᠲᠠᠷᠢᠬᠤ ᠮᠡᠷᠭᠡᠵᠢᠯ ᠤᠨ ᠭᠤᠣᠯᠳᠠᠯᠭ᠎ᠠ
ᠨᠡᠶᠢᠲᠡᠯᠡᠭᠰᠡᠨ ᠴᠠᠭ᠄
2025/4/9
     ᠨᠢᠭᠡ᠂ ᠪᠣᠷᠳᠣᠭᠤᠷ ᠣᠷᠣᠭᠤᠯᠬᠤ         ᠲᠡᠵᠢᠭᠡᠯ ᠡᠪᠡᠰᠦᠨ ᠤ ᠤᠷᠭᠤᠯᠲᠠ ᠳᠤ ᠭᠦᠢᠴᠡᠳ ᠬᠡᠮᠵᠢᠶᠡᠨ ᠤ ᠰᠢᠮ᠎ᠡ ᠲᠡᠵᠢᠭᠡᠯ ᠬᠡᠷᠡᠭᠰᠡᠳᠡᠭ ᠲᠤᠯᠠ ᠲᠡᠵᠢᠭᠡᠯ ᠡᠪᠡᠰᠦᠨ ᠤ ᠪᠣᠷᠳᠣᠭᠤᠷ ᠬᠡᠷᠡᠭᠰᠡᠬᠦ‌ᠣᠨᠴᠠᠯᠢᠭ ᠪᠠ ᠬᠥᠷᠥᠰᠥᠨ ᠤ ᠰᠢᠮ᠎ᠡ ᠲᠡᠵᠢᠭᠡᠯ ᠤᠨ ᠪᠠᠶᠢᠳᠠᠯ ᠢ ᠦᠨᠳᠦᠰᠦᠯᠡᠨ ᠵᠣᠬᠢᠰᠲᠠᠢ ᠪᠣᠷᠳᠣᠭᠤᠷ ᠣᠷᠣᠭᠤᠯᠵᠤ᠂ ᠲᠡᠵᠢᠭᠡᠯ ᠡᠪᠡᠰᠦᠨ ᠤ ᠤᠷᠭᠤᠯᠲᠠ ᠵᠢᠨ‌‍ᠶᠠᠪᠤᠴᠠ ᠳᠠᠬᠢ ᠰᠢᠮ᠎ᠡ ᠲᠡᠵᠢᠭᠡᠯ ᠤᠨ ᠬᠡᠷᠡᠭᠴᠡᠭᠡ ᠶᠢ ᠬᠠᠩᠭᠠᠨ᠎ᠠ᠃         ᠬᠤᠶᠠᠷ᠂ ᠡᠪᠡᠰᠦ ᠠᠷᠢᠯᠭᠠᠭᠴᠢ ᠶᠢ ᠬᠡᠷᠡᠭᠯᠡᠬᠦ         ᠲᠡᠵᠢᠭᠡᠯ ᠡᠪᠡᠰᠦᠨ ᠤ ᠤᠷᠭᠤᠯᠲᠠ ᠶᠢᠨ ᠪᠠᠶᠢᠳᠠᠯ ᠪᠠ ᠪᠤᠵᠠᠷ ᠡᠪᠡᠰᠦᠨ ᠤ ᠤᠷᠭᠤᠯᠲᠠ ᠶᠢᠨ ᠬᠡᠮᠵᠢᠶ᠎ᠡ ᠶᠢ ᠦᠨᠳᠦᠰᠦᠯᠡᠵᠦ᠂ ᠡᠪᠡᠰᠦ ᠠᠷᠢᠯᠭᠠᠭᠴᠢ ᠵᠢ‌ᠵᠣᠬᠢᠰᠲᠠᠢ ᠬᠡᠷᠡᠭᠯᠡᠵᠦ᠂ ᠪᠤᠵᠠᠷ ᠡᠪᠡᠰᠦᠨ ᠤ ᠤᠷᠭᠤᠯᠲᠠ ᠶᠢ ᠬᠢᠵᠠᠭᠠᠷᠯᠠᠨ᠎ᠠ᠃         ᠭᠤᠷᠪᠠ᠂ ᠲᠠᠷᠢᠶᠠᠯᠠᠬᠤ ᠠᠷᠭ᠎ᠠ         ᠵᠦᠢ ᠵᠣᠬᠢᠰᠲᠠᠢ ᠲᠠᠷᠢᠶᠠᠯᠠᠬᠤ ᠠᠷᠭ᠎ᠠ ᠪᠠᠷ᠂ ᠵᠢᠱᠢᠶᠡᠯᠡᠪᠡᠯ ᠳᠤᠮᠳᠠ ᠵᠡᠷᠭᠡ ᠶᠢᠨ ᠲᠠᠷᠢᠶᠠᠯᠠᠭ᠎ᠠ᠂ ᠭᠦᠨ ᠵᠡᠷᠭᠡ ᠶᠢᠨ ᠲᠠᠷᠢᠶᠠᠯᠠᠭ᠎ᠠ ᠪᠠᠷ ᠳᠠᠮᠵᠢᠭᠤᠯᠤᠨ ᠪᠤᠵᠠᠷ‌ᠡᠪᠡᠰᠦᠨ ᠤ ᠤᠷᠭᠤᠯᠲᠠ ᠶᠢ ᠪᠦᠲᠦᠮᠵᠢᠲᠡᠶ ᠪᠠᠷ ᠬᠢᠵᠠᠭᠠᠷᠯᠠᠵᠤ ᠴᠢᠳᠠᠬᠤ ᠶᠢᠨ ᠬᠠᠮᠲᠤ ᠲᠡᠵᠢᠭᠡᠯ ᠡᠪᠡᠰᠦᠨ ᠤ ᠴᠢᠨᠠᠷ ᠴᠢᠨᠰᠠᠭ᠎ᠠ ᠪᠠ ᠤᠨᠠᠯᠲᠠ ᠶᠢ ᠳᠡᠭᠡᠭᠰᠢᠯᠡᠭᠦᠯᠬᠦ ᠳ᠋ᠦ‌ᠠᠰᠢᠭᠲᠠᠢ ᠪᠠᠶᠢᠳᠠᠭ᠃         ᠳᠥᠷᠪᠡ᠂ ᠡᠪᠡᠳᠴᠢᠨ ᠬᠤᠷᠣᠬᠠᠢ ᠶᠢᠨ ᠬᠥᠨᠥᠭᠡᠯ ᠢ ᠬᠢᠨᠠᠨ ᠬᠡᠮᠵᠢᠬᠦ ᠪᠠ ᠰᠡᠷᠭᠡᠶᠢᠯᠡᠨ ᠵᠠᠰᠠᠬᠤ         ᠡᠪᠡᠳᠴᠢᠨ ᠬᠤᠷᠣᠬᠠᠢ ᠶᠢᠨ ᠬᠥᠨᠥᠭᠡᠯ ᠢ ᠬᠢᠨᠠᠨ ᠬᠡᠮᠵᠢᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠡᠪᠡᠳᠴᠢᠨ ᠬᠤᠷᠣᠬᠠᠢ ᠶᠢᠨ ᠬᠥᠨᠥᠭᠡᠯ ᠢ ᠴᠠᠭ‌‍ᠲ᠋ᠤᠬᠠᠢ ᠳᠤᠨᠢ ᠢᠯᠡᠷᠡᠭᠦᠯᠵᠦ᠂ ᠰᠡᠷᠭᠡᠶᠢᠯᠡᠨ ᠵᠠᠰᠠᠬᠤ ᠠᠵᠢᠯ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠨ᠎ᠠ᠃ ᠲᠥᠷᠥᠯᠬᠢ ᠳᠠᠶᠢᠰᠤᠨ᠂ ᠮᠢᠺᠷᠣᠪ ᠵᠡᠷᠭᠡ ᠠᠮᠢᠳᠤ‌‍ᠪᠣᠳᠠᠰ ᠤᠨ ᠠᠷᠭ᠎ᠠ ᠪᠠᠷ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠶᠢᠨ ᠬᠠᠮᠲᠤ ᠪᠠᠰᠠ ᠬᠢᠮᠢ ᠶᠢᠨ ᠲᠠᠷᠢᠶᠠᠨ ᠡᠮ ᠢᠶᠠᠷ ᠰᠡᠷᠭᠡᠶᠢᠯᠡᠨ ᠵᠠᠰᠠᠵᠤ‌‍ᠪᠣᠯᠣᠨ᠎ᠠ᠃ ᠭᠡᠪᠡᠴᠦ ᠬᠡᠷᠡᠭᠯᠡᠬᠦ ᠠᠷᠭ᠎ᠠ ᠪᠠ ᠬᠡᠮᠵᠢᠶ᠎ᠡ ᠶᠢ ᠠᠩᠬᠠᠷᠴᠤ᠂ ᠲᠡᠵᠢᠭᠡᠯ ᠡᠪᠡᠰᠦ ᠪᠠ ᠣᠷᠴᠢᠨ ᠲᠣᠭᠤᠷᠢᠨ ᠳᠤ ᠮᠠᠭᠤ ᠨᠥᠯᠥᠭᠡ ᠪᠣᠯᠬᠤ ᠠᠴᠠ ᠵᠠᠶᠢᠯᠠᠰᠬᠢᠬᠦ‌‍ᠬᠡᠷᠡᠭᠲᠡᠢ᠃         ᠲᠠᠪᠤ᠂ ᠬᠤᠷᠢᠶᠠᠯᠲᠠ ᠶᠢᠨ ᠴᠠᠭ ᠬᠤᠭᠤᠴᠠᠭ᠎ᠠ         ᠬᠤᠷᠢᠶᠠᠯᠲᠠ ᠶᠢᠨ ᠴᠠᠭ ᠬᠤᠭᠤᠴᠠᠭ᠎ᠠ ᠶᠢ ᠡᠵᠡᠮᠰᠢᠵᠦ᠂ ᠲᠡᠵᠢᠭᠡᠯ ᠡᠪᠡᠰᠦᠨ ᠤ ᠬᠤᠷᠢᠶᠠᠯᠲᠠ ᠶᠢᠨ ᠴᠠᠭ ᠬᠤᠭᠤᠴᠠᠭ᠎ᠠ ᠨᠢ ᠲᠡᠭᠦᠨ ᠤ ᠥᠰᠦᠯᠲᠡ ᠶᠢᠨ ᠱᠠᠲᠤ‌ᠦᠶ᠎ᠡ ᠪᠠ ᠬᠡᠷᠡᠭᠴᠡᠭᠡ ᠪᠠᠷ ᠲᠣᠭᠲᠠᠭᠠᠭᠳᠠᠨ᠎ᠠ᠃ ᠡᠩ ᠤᠨ ᠪᠠᠶᠢᠳᠠᠯ ᠳᠤ ᠠᠪᠴᠤ ᠬᠡᠯᠡᠪᠡᠯ᠂ ᠲᠡᠵᠢᠭᠡᠯ ᠡᠪᠡᠰᠦ ᠤᠷᠭᠤᠭᠠᠳ ᠬᠡᠷᠡᠭᠯᠡᠬᠦ ᠳᠤ ᠬᠠᠮᠤᠭ ᠤᠨ ᠲᠣᠬᠢᠷᠠᠮᠵᠢᠲᠠᠢ‌‍ᠪᠣᠯᠬᠤ ᠦᠶ᠎ᠡ ᠳᠤ᠂ ᠡᠰᠡᠬᠦᠯ᠎ᠡ ᠲᠡᠵᠢᠭᠡᠯ ᠡᠪᠡᠰᠦ ᠶᠢᠨ ᠴᠡᠴᠡᠭᠯᠡᠬᠦ ᠬᠤᠭᠤᠴᠠᠭᠠᠨ ᠳᠤ ᠬᠠᠮᠤᠭ ᠤᠨ ᠰᠠᠶᠢᠨ ᠬᠤᠷᠢᠶᠠᠯᠲᠠ ᠶᠢᠨ ᠴᠠᠭ ᠪᠣᠯᠣᠨ᠎ᠠ᠃ ᠡᠭᠦᠨ ᠤ ᠬᠠᠮᠲᠤ‌‍ᠲ᠋ᠡᠵᠢᠭᠡᠯ ᠡᠪᠡᠰᠦᠨ ᠤ ᠪᠦᠷᠢᠨ ᠪᠦᠲᠦᠨ ᠴᠢᠨᠠᠷ ᠢ ᠪᠠᠲᠤᠯᠠᠬᠤ ᠶᠢ ᠠᠩᠬᠠᠷᠴᠤ᠂ ᠲᠡᠵᠢᠭᠡᠯ ᠡᠪᠡᠰᠦᠨ ᠤ ᠰᠢᠮ᠎ᠡ ᠲᠡᠵᠢᠭᠡᠯ ᠤᠨ ᠪᠦᠷᠢᠯᠳᠦᠭᠦᠨ ᠢ ᠡᠪᠳᠡᠬᠦ ᠡᠴᠡ‌ᠵᠠᠶᠢᠯᠠᠰᠬᠢᠬᠦ ᠬᠡᠷᠡᠭᠲᠡᠢ᠃      
 
ᠢᠷᠡᠯᠲᠡ᠄ ᠲᠦᠩᠯᠢᠶᠤᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号