ᠵᠠᠷᠤᠳ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠥᠪᠥᠷ ᠮᠣᠩᠭᠤᠯ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡ ᠴᠣᠭᠴᠠᠵᠢᠭᠤᠯᠤᠭᠰᠠᠨ ᠲᠠᠪᠴᠠᠩ ᠳᠤ ᠲᠦᠰᠢᠭᠯᠡᠨ ︽ᠦᠨᠡᠮᠯᠡᠯ | ᠥᠬᠡᠶ ᠪᠠᠷ ᠭᠦᠢᠴᠡᠳᠭᠡᠬᠦ︾ ᠶᠢ ᠢᠳᠡᠪᠬᠢᠲᠡᠶ ᠬᠠᠶᠢᠨ ᠰᠦᠪᠡᠭᠴᠢᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠰᠢᠰᠲ᠋ᠧᠮ ᠬᠢᠭᠡᠳ ᠡᠯᠧᠺᠲᠷᠤᠨ ᠦᠨᠡᠮᠯᠡᠯ ᠤᠨ ᠬᠠᠮᠢᠶᠠᠷᠤᠯᠲᠠ ᠶᠢᠨ ᠰᠢᠰᠲ᠋ᠧᠮ ᠢ ᠬᠤᠯᠪᠣᠨ ᠬᠠᠮᠲᠤ ᠪᠠᠷ | ᠭᠥᠷᠳᠡᠬᠦ ᠪᠠᠷ ᠳᠠᠮᠵᠢᠭᠤᠯᠤᠨ᠂ ᠠᠵᠤ ᠠᠬᠤᠶᠢᠯᠠᠯ᠂ ᠣᠯᠠᠨ ᠲᠦᠮᠡᠨ ᠤ ᠲᠤᠬᠠᠶᠢᠯᠠᠭᠰᠠᠨ ᠠᠵᠢᠯ ᠢᠶᠠᠨ ᠭᠦᠢᠴᠡᠳᠭᠡᠬᠦ | ᠶᠠᠪᠤᠴᠠ ᠳᠤ᠂ ᠡᠯᠧᠺᠲᠷᠤᠨ ᠦᠨᠡᠮᠯᠡᠯ ᠢ ᠰᠢᠭᠤᠳ ᠰᠢᠯᠵᠢᠭᠦᠯᠦᠨ ᠬᠡᠷᠡᠭᠯᠡᠬᠦ ᠶᠢ ᠪᠡᠶᠡᠯᠡᠭᠦᠯᠵᠦ᠂ ᠣᠯᠠᠨ ᠲᠦᠮᠡᠨ ᠤ | ᠪᠣᠳᠠᠲᠤ ᠴᠣᠭᠴᠠ ᠶᠢᠨ ᠦᠨᠡᠮᠯᠡᠯ ᠤᠨ ᠮᠠᠲ᠋ᠧᠷᠢᠶᠠᠯ ᠲᠤᠰᠢᠶᠠᠬᠤ ᠶᠢ ᠪᠠᠭᠠᠰᠬᠠᠨ᠂ ᠠᠵᠤ ᠠᠬᠤᠶᠢᠯᠠᠯ ᠪᠠ ᠣᠯᠠᠨ | ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ᠦᠨᠡᠨ ᠬᠦ ᠲᠥᠬᠦᠮ ᠦᠵᠡᠭᠦᠯᠵᠦ᠂ ︽ᠲᠠᠯᠪᠢᠬᠤ ᠬᠠᠮᠢᠶᠠᠷᠬᠤ | ᠤᠶᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ︽ᠭᠡᠷᠡᠴᠢᠯᠡᠯ ᠥᠬᠡᠶ ᠬᠤᠲᠠ︾ ᠶᠢᠨ ᠪᠥᠲᠥᠭᠡᠨ | ᠪᠠᠶᠢᠭᠤᠯᠤᠯᠲᠠ ᠶᠢ ᠠᠬᠢᠭᠤᠯᠪᠠ᠃ | ᠪᠣᠯᠪᠠᠰᠣᠷᠡᠭᠤᠯᠥᠯ ᠢ ᠴᠢᠩᠭᠠᠷᠠᠭᠤᠯᠵᠦ᠂ ᠡᠯᠧᠺᠲᠷᠤᠨᠦᠨᠡᠮᠯᠡᠯ ᠢ ᠪᠦᠭᠦᠨ ᠢ ᠡᠮᠬᠢᠳᠬᠡᠨ ᠴᠤᠨᠨᠯᠠᠭᠤᠯᠬᠤ ᠶᠢ | ᠪᠡᠶᠡᠯᠡᠭᠦᠯᠪᠡ᠃ ᠡᠯ᠎ᠡ ᠬᠢᠨᠠᠨ ᠵᠥᠪᠰᠢᠶᠡᠷᠡᠬᠦ ᠨᠢᠭᠡᠴᠢ ᠳᠤ ᠣᠯᠠᠨ ᠡᠭᠡᠯᠵᠢ ᠣᠯᠠᠨ ᠬᠠᠷᠠᠭᠠᠰᠤ ᠠᠴᠠ ᠪᠣᠯᠪᠠᠰᠤᠷᠠᠯ | ᠬᠦᠷᠲᠡᠭᠡᠵᠦ᠂ ᠲᠦᠷᠢᠮ ᠢ ᠲᠡᠭᠦᠯᠳᠡᠷᠵᠢᠭᠦᠯᠦᠨ᠂ ᠪᠠᠶᠢᠩᠭᠤ ᠬᠡᠷᠡᠭᠯᠡᠬᠦ ᠡᠯᠧᠺᠲᠷᠤᠨ ᠦᠨᠡᠮᠯᠡᠯ ᠤᠨ ᠨᠠᠷᠢᠨ | ᠬᠠᠭᠤᠳᠠᠰᠤ ᠶᠢ 83 ᠲᠥᠷᠥᠯ ᠢᠶᠠᠷ ᠲᠣᠭᠲᠠᠭᠠᠵᠤ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠴᠢᠩᠳᠠᠯᠠᠬᠤ ᠶᠢ ᠴᠢᠩᠭ᠎ᠠ | ᠱᠠᠭᠠᠷᠳᠠᠵᠤ᠂ ᠭᠠᠷᠠᠭ ᠪᠦᠷᠢ ᠬᠥᠮᠥᠷᠭᠡ ᠳᠤ ᠣᠷᠣᠭᠤᠯᠬᠤ ᠰᠢᠨ᠎ᠡ ᠦᠨᠡᠮᠯᠡᠯ ᠢ ᠪᠠᠶᠢᠴᠠᠭᠠᠵᠤ᠂ ᠡᠯᠧᠺᠲᠷᠤᠨ | ᠦᠨᠡᠮᠯᠡᠯ ᠤᠨ ᠮᠡᠳᠡᠭᠡ ᠵᠠᠩᠭᠢ ᠶᠢᠨ ᠪᠦᠷᠢᠨ ᠪᠦᠲᠦᠨ ᠴᠢᠨᠠᠷ᠂ ᠣᠨᠣᠪᠴᠢᠲᠤ ᠴᠢᠨᠠᠷ᠂ ᠴᠠᠭ ᠲᠤᠬᠠᠶᠢᠴᠢ ᠴᠢᠨᠠᠷ ᠢ | ᠦᠨᠡᠨ ᠬᠦ ᠪᠠᠲᠤᠯᠠᠵᠤ᠂ ᠡᠯᠧᠺᠲᠷᠤᠨ ᠦᠨᠡᠮᠯᠡᠯ ᠤᠨ ᠮᠡᠳᠡᠭᠡ ᠵᠠᠩᠭᠢ ᠶᠢ ᠳᠠᠮᠵᠢᠭᠤᠯᠬᠤ ᠶᠣᠰᠣᠲᠠᠶ ᠶᠢ ᠨᠢ ᠪᠦᠬᠦᠨ ᠢ | ᠳᠠᠮᠵᠢᠭᠤᠯᠵᠤ᠂ ᠪᠥᠬᠦ ᠬᠡᠮᠵᠢᠶ᠎ᠡ ᠪᠠᠷ ᠴᠤᠭᠯᠠᠭᠤᠯᠵᠤ᠂ ᠰᠡᠭᠦᠯᠴᠢ ᠶᠢᠨ ᠬᠤᠭᠤᠴᠠᠭᠠᠨ ᠤ ᠰᠢᠯᠵᠢᠭᠦᠯᠦᠨ ᠬᠡᠷᠡᠭᠯᠡᠬᠦ ᠳᠤ | ᠬᠦᠴᠦᠲᠡᠶ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠪᠠ᠃ | | | | | ᠬᠡᠷᠡᠭᠴᠡᠭᠡ ᠳᠤ ᠰᠠᠭᠤᠷᠢᠯᠠᠨ᠂ ᠡᠯᠧᠺᠲᠷᠤᠨ ᠦᠨᠡᠮᠯᠡᠯ ᠤᠨ ᠡᠬᠢ ᠪᠠᠶᠠᠯᠢᠭ ᠤᠨ ᠬᠠᠮᠵᠢᠯᠴᠠᠭ᠎ᠠ ᠶᠢ ᠪᠡᠶᠡᠯᠡᠭᠦᠯᠪᠡ᠃ | ᠡᠯ᠎ᠡ ᠬᠢᠨᠠᠨ ᠵᠥᠪᠰᠢᠶᠡᠷᠡᠬᠦ ᠨᠢᠭᠡᠴᠡ ᠶᠢ ᠵᠣᠬᠢᠶᠠᠨ ᠪᠠᠶᠢᠭᠤᠯᠵᠤ᠂ ︽ᠵᠠᠷᠤᠳ ᠬᠤᠰᠢᠭᠤᠨ ᠤ < ᠦᠨᠡᠮᠯᠡᠯ ᠥᠬᠡᠶ ᠪᠠᠷ ᠭᠦᠢᠴᠡᠳᠭᠡᠬᠦ﹀ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠵᠤᠶᠢᠯᠡᠰ ᠤᠨ ᠨᠠᠷᠢᠨ ᠲᠠᠩᠰᠠ︾ ᠶᠢ ᠪᠦᠷᠢᠯᠳᠦᠭᠦᠯᠵᠦ᠂ ᠵᠤᠶᠢᠯᠡᠰ ᠤᠨ ᠨᠡᠷᠡᠶᠢᠳᠦᠯ᠂ ᠭᠤᠶᠤᠴᠢᠯᠠᠬᠤ ᠮᠠᠲ᠋ᠧᠷᠢᠶᠠᠯ ᠢ ᠲᠣᠳᠣᠷᠬᠠᠶᠢᠯᠠᠵᠤ᠂ ᠲᠤᠰᠬᠠᠶ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠤᠶᠢᠯᠡᠴᠢᠯᠡᠭᠡ ᠶᠢ ᠨᠢᠭᠡ ᠴᠤᠭᠴᠠᠵᠢᠭᠤᠯᠬᠤ ᠲᠠᠪᠴᠠᠩ ᠳᠤ ᠡᠯᠧᠺᠲᠷᠤᠨ ᠦᠨᠡᠮᠯᠡᠯ ᠢ ᠰᠢᠯᠵᠢᠭᠦᠯᠦᠨ ᠬᠡᠷᠡᠭᠯᠡᠬᠦ ᠲᠠᠰ ᠳᠠᠷᠠᠭᠠᠯᠠᠯ ᠢ ᠳᠣᠭᠢᠷᠠᠭᠤᠯᠬᠤ ᠶᠢᠨ ᠬᠠᠮᠲᠤ᠂ ᠵᠠᠰᠠᠭ ᠤᠨ ᠣᠷᠳᠣᠨ ᠤ ᠰᠦᠯᠵᠢᠶ᠎ᠡ᠂ ᠮᠥᠩᠬᠡ ᠰᠤᠪᠠᠭ ᠤᠨ PC ᠦᠵᠦᠭᠦᠷ ᠲᠤ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ ᠵᠢᠴᠢ ︽ᠦᠨᠡᠮᠯᠡᠯ ᠥᠬᠡᠶ ᠪᠠᠷ ᠭᠦᠢᠴᠡᠳᠭᠡᠬᠦ︾ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠵᠤᠶᠢᠯᠡᠰ ᠤᠨ ᠨᠠᠷᠢᠨ ᠲᠠᠩᠰᠠ ᠶᠢ ᠨᠡᠶᠢᠲᠡᠯᠡᠵᠦ᠂ ᠠᠵᠤ ᠠᠬᠤᠶᠢᠯᠠᠯ᠂ ᠣᠯᠠᠨ ᠲᠦᠮᠡᠨ ᠤ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠪᠡ᠃ ᠦᠢᠯᠡᠴᠢᠯᠡᠭᠡ ᠶᠢ | ᠰᠢᠯᠢᠳᠡᠭᠵᠢᠭᠦᠯᠵᠦ᠂ ᠡᠯᠧᠺᠲᠷᠤᠨ ᠭᠡᠷᠡᠴᠢ ᠦᠨᠡᠮᠯᠡᠯ ᠢ ᠥᠷᠭᠡᠨ ᠢᠶᠠᠷ ᠬᠡᠷᠡᠭᠯᠡᠬᠦ ᠶᠢ ᠪᠡᠶᠡᠯᠡᠭᠦᠯᠪᠡ᠃ ︽ | ᠦᠨᠡᠮᠯᠡᠯ ᠥᠬᠡᠶ ᠪᠠᠷ ᠭᠦᠢᠴᠡᠳᠭᠡᠬᠦ︾ ᠵᠢᠷᠤᠮᠵᠢᠭᠰᠠᠨ ᠴᠤᠪᠤᠷᠠᠯ ᠪᠠ ᠠᠵᠢᠯᠯᠠᠭᠠᠨ ᠤ ᠲᠣᠭᠲᠠᠴᠠ ᠶᠢ ᠪᠠᠶᠢᠭᠤᠯᠤᠨ | ᠪᠦᠷᠢᠨᠰᠢᠬᠦᠯᠵᠦ᠂ ᠬᠢᠨᠠᠨ ᠵᠥᠪᠰᠢᠶᠡᠷᠡᠬᠦ ᠴᠣᠩᠬᠤᠪᠴᠢ ᠶᠢ ᠵᠠᠷᠴᠢᠮ ᠳᠡᠭᠡᠷ᠎ᠡ ᠪᠠᠨ ᠪᠣᠳᠠᠲᠤ ᠴᠣᠭᠴᠠ ᠶᠢᠨ ᠭᠡᠷᠡᠴᠢ | ᠦᠨᠡᠮᠯᠡᠯ ᠵᠢᠴᠢ ᠬᠠᠭᠤᠯᠪᠤᠷᠢ ᠶᠢ ᠳᠠᠭᠢᠵᠤ ᠬᠤᠷᠢᠶᠠᠬᠤ ᠥᠬᠡᠶ ᠪᠠᠶᠢᠬᠤ ᠶᠢ ᠲᠣᠳᠣᠷᠬᠠᠶᠢᠯᠠᠵᠤ᠂ ᠣᠯᠠᠨ ᠲᠦᠮᠡᠨ ᠤ | ᠠᠰᠠᠭᠤᠨ ᠯᠠᠪᠯᠠᠵᠤ ᠵᠠᠭᠠᠯᠳᠤᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠴᠠᠭᠠᠰᠤᠨ ᠮᠠᠲ᠋ᠧᠷᠢᠶᠠᠯ ᠢ | ᠬᠠᠰᠤᠵᠤ ᠪᠣᠯᠬᠤ ᠶᠢ ᠪᠡᠶᠡᠯᠡᠭᠦᠯᠬᠦ ᠶᠢᠨ ᠬᠠᠮᠲᠤ ᠤᠯᠠᠮᠵᠢᠯᠠᠯᠲᠤ ᠠᠵᠢᠯ ᠶᠠᠪᠤᠳᠠᠯ ᠭᠦᠢᠴᠡᠳᠭᠡᠬᠦ ᠠᠷᠭ᠎ᠠ ᠮᠠᠶ᠋ᠢᠭ ᠢ | ᠦᠯᠡᠳᠡᠭᠡᠪᠡ᠃ ᠡᠯᠧᠺᠲᠷᠤᠨ ᠦᠨᠡᠮᠯᠡᠯ ᠢ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ | ᠵᠥᠪᠰᠢᠶᠡᠷᠡᠬᠦ᠂ ᠵᠠᠬ᠎ᠠ ᠳᠡᠯᠭᠡᠭᠦᠷ ᠤᠨ ᠡᠵᠡᠩᠨᠡᠯᠲᠡ ᠶᠢ ᠵᠥᠪᠰᠢᠶᠡᠷᠡᠬᠦ᠂ ᠨᠡᠶᠢᠭᠡᠮ ᠤᠨ ᠬᠡᠷᠡᠭ ᠶᠠᠪᠤᠳᠠᠯ ᠢ | ᠭᠦᠢᠴᠡᠳᠭᠡᠬᠦ ᠵᠡᠷᠭᠡ ᠣᠯᠠᠨ ᠬᠦᠷᠢᠶᠡᠨ ᠳᠤ ᠬᠡᠷᠡᠭᠯᠡᠬᠦ ᠶᠢ ᠠᠬᠢᠭᠤᠯᠪᠠ᠃ | | | | | ᠲᠠᠷᠠᠭᠠᠴᠢ ᠶᠢᠨ ᠠᠯᠬᠤᠮ ᠳᠤ᠂ ᠵᠠᠷᠤᠳ ᠬᠤᠰᠢᠭᠤᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ︽ | ᠦᠨᠡᠮᠯᠡᠯ ᠥᠬᠡᠶ ᠪᠠᠷ ᠭᠦᠢᠴᠡᠳᠭᠡᠬᠦ︾ ᠵᠤᠶᠢᠯᠡᠰ ᠤᠨ ᠬᠦᠷᠢᠶ᠎ᠡ ᠬᠡᠪᠴᠢᠶ᠎ᠡ ᠪᠠᠨ ᠦᠷᠭᠦᠯᠵᠢᠯᠡᠨ ᠥᠷᠭᠡᠳᠬᠡᠵᠦ᠂ ︽ | ᠦᠨᠡᠮᠯᠡᠯ ᠥᠬᠡᠶ ᠪᠠᠷ ᠭᠦᠢᠴᠡᠳᠭᠡᠬᠦ︾ ᠬᠡᠷᠡᠭᠯᠡᠯᠲᠡ ᠶᠢ ᠤᠬᠠᠭᠤᠯᠤᠨ ᠳᠡᠯᠭᠡᠷᠡᠭᠦᠯᠬᠦ ᠠᠵᠢᠯ ᠢ ᠰᠠᠶᠢᠲᠤᠷ ᠬᠢᠵᠦ᠂ | ᠠᠵᠤ ᠠᠬᠤᠶᠢᠯᠠᠯ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠲᠥᠷᠥᠭᠳᠡᠯ᠂ ᠲᠥᠬᠦᠮ ᠦᠵᠡᠭᠦᠯᠬᠦ | ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠭᠡᠷᠡᠴᠢᠯᠡᠯ ᠥᠬᠡᠶ ᠬᠤᠲᠠ︾ ᠶᠢ ᠪᠣᠶ ᠪᠣᠯᠭᠠᠨ᠎ᠠ᠃ |