ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠥᠷᠥᠯ ᠵᠦᠢᠯ ᠢ ᠴᠢᠷᠮᠠᠶᠢᠨ ᠣᠯᠬᠤ ᠪᠠ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠪᠣᠯᠪᠠᠰᠤᠷᠠᠯ ᠬᠢᠪᠡ
ᠨᠡᠶᠢᠲᠡᠯᠡᠭᠰᠡᠨ ᠴᠠᠭ᠄
2025/5/13
   2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠴᠤᠰ ᠤᠨ ᠵᠢᠯ ᠪᠠ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠵᠠᠯᠭᠠᠮᠵᠢᠯᠠᠨ ᠤᠯᠠᠮᠵᠢᠯᠠᠬᠤ ᠵᠢᠯ ᠮᠥᠨ᠂ ᠪᠠᠰᠠ ᠴᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠵᠢᠷᠭᠤᠭᠠᠨ ᠠᠵᠢᠯᠯᠠᠭ᠎ᠠ︾ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠵᠢᠯ ᠮᠥᠨ᠃ ᠡᠭᠦᠨ ᠳᠤ᠂ ︽ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ︾ ᠨᠢ ᠠᠵᠤ ᠠᠬᠤᠶ ᠶᠢᠨ ᠨᠡᠮᠡᠭᠳᠡᠯ ᠢ ᠬᠥᠲᠥᠯᠦᠨ ᠳᠠᠭᠠᠭᠤᠯᠬᠤ᠂ ᠬᠥᠭᠵᠢᠯᠲᠡ ᠶᠢᠨ ᠬᠥᠳᠡᠯᠭᠡᠬᠦ ᠴᠢᠳᠠᠪᠤᠷᠢ ᠶᠢ ᠪᠤᠶᠢᠵᠢᠭᠤᠯᠬᠤ ᠶᠢᠨ ᠲᠡᠷᠢᠭᠦᠨ ᠴᠢᠬᠤᠯᠠ ᠭᠠᠷᠳᠠᠴᠠ  ᠪᠤᠯᠵᠦ᠂ ᠣᠷᠣᠨ ᠪᠦᠰᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠶᠤᠮ᠃ ︽ᠵᠠᠷᠤᠳ ᠬᠤᠰᠢᠭᠤᠨ ᠤ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢᠨ ᠲᠥᠰᠦᠯ︾ ᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠲᠥᠷᠥᠯ ᠵᠦᠢᠯ ᠤᠨ ᠲᠥᠯᠥᠪᠵᠢᠭᠦᠯᠭᠡ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 9 ᠤ ᠡᠳᠦᠷ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠥᠷᠥᠯ ᠵᠦᠢᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠵᠢᠴᠢ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢᠨ ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠤᠨ ᠬᠢᠵᠦ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ 25 ᠭᠤᠤᠯᠳᠠᠯᠭ᠎ᠠ ᠲᠠᠢ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠨᠡᠶᠢᠲᠡ 35 ᠬᠥᠮᠦᠨ ᠬᠤᠷᠠᠯ ᠳᠤᠣᠷᠣᠯᠴᠠᠪᠠ᠃    ᠲᠣᠰ ᠤᠳᠠᠭᠠᠨ ᠤ ᠪᠣᠯᠪᠠᠰᠤᠷᠠᠯ ᠨᠢ ᠪᠥᠬᠦ ᠬᠤᠰᠢᠭᠤᠨ ᠤ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠤᠤᠱᠯᠠᠭᠤᠯᠬᠤ ᠪᠠ ᠲᠤᠬᠠᠶᠢᠯᠠᠭᠰᠠᠨ ᠠᠵᠢᠯ ᠢ ᠵᠢᠯᠣᠭᠤᠳᠬᠤ ᠬᠤᠤᠰ ᠬᠦᠷᠳᠦ ᠪᠠᠷ ᠬᠥᠳᠡᠯᠭᠡᠭᠦᠷ ᠪᠣᠯᠭᠠᠭᠰᠠᠨ ᠪᠠᠶᠢᠨ᠎ᠠ᠃ ᠬᠤᠷᠠᠯ ᠳᠡᠭᠡᠷ᠎ᠡ᠂ ᠲᠥᠪ ᠤᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠢᠭᠡᠯᠡᠯᠭᠡ ᠶᠢᠨ ᠲᠡᠮᠳᠡᠭᠲᠦ᠂ ︽ᠬᠤᠶᠠᠷ ᠴᠢᠬᠤᠯᠠ︾᠂ ︽ᠬᠤᠶᠠᠷ ᠰᠢᠨ᠎ᠡ︾ ᠵᠡᠷᠭᠡ ᠭᠤᠤᠯᠳᠠᠯᠭ᠎ᠠ ᠲᠠᠢ ᠬᠦᠷᠢᠶᠡᠨ ᠤ ᠲᠣᠭᠤᠷᠢᠨ ᠳᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠴᠢᠭᠯᠡᠯ᠂ ᠪᠠᠯᠠ ᠮᠥᠩᠭᠦ ᠶᠢᠨ ᠬᠠᠷᠢᠴᠠᠯ ᠤᠨ ᠪᠠᠷᠢᠮᠵᠢᠶ᠎ᠠ ᠶᠢ ᠰᠢᠰᠲ᠋ᠧᠮ ᠲᠠᠢ ᠵᠠᠳᠠᠯᠬᠤ ᠶᠢᠨ ᠬᠠᠮᠲᠤ᠂ ᠨᠡᠶᠢᠲᠡᠯᠢᠭ ᠭᠤᠶᠤᠴᠢᠯᠠᠨ ᠮᠡᠳᠡᠭᠦᠯᠦᠭᠰᠡᠨ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠮᠠᠲ᠋ᠧᠷᠢᠶᠠᠯ ᠪᠡᠯᠡᠳᠬᠡᠬᠦ᠂ ᠭᠤᠶᠤᠴᠢᠯᠠᠨ ᠮᠡᠳᠡᠭᠦᠯᠬᠦ ᠴᠤᠪᠤᠷᠠᠯ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠭᠦᠨᠵᠡᠭᠡᠶ ᠵᠠᠳᠠᠯᠪᠠ᠃ ᠡᠭᠦᠨ ᠤ ᠬᠠᠮᠲᠤ᠂ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠭᠰᠡᠨ 9 ᠶᠡᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠴᠢᠭᠯᠡᠭᠦᠯᠦᠨ᠂ ᠡᠭᠦᠷᠭᠡ ᠬᠠᠷᠠᠯᠲᠠ ᠪᠠᠨ ᠲᠣᠳᠣᠷᠬᠠᠶ ᠪᠣᠯᠭᠠᠵᠤ᠂ ᠣᠲᠣ ᠶᠢᠨ ᠨᠥᠭᠡᠴᠡᠯᠡᠬᠦ ᠲᠥᠷᠥᠯ ᠵᠦᠢᠯ ᠤᠨ ᠬᠥᠮᠥᠷᠭᠡ ᠲᠠᠢ ᠤᠶᠠᠯᠳᠤᠭᠤᠯᠤᠨ᠂ 2025 ᠤᠨ ᠵᠢᠴᠢ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠲᠥᠷᠥᠯ ᠵᠦᠢᠯ ᠢ ᠲᠥᠯᠥᠪᠯᠡᠭᠰᠡᠨ ᠡᠬᠢ ᠪᠠᠶᠠᠯᠢᠭ ᠤᠨ ᠳᠠᠪᠠᠭᠤᠯᠢᠭ ᠬᠢᠭᠡᠳ ᠬᠡᠷᠡᠭᠵᠢᠭᠦᠯᠬᠦ ᠠᠷᠭ᠎ᠠ ᠵᠠᠮ ᠢ ᠭᠦᠨᠵᠡᠭᠡᠶ ᠵᠠᠳᠠᠯᠵᠤ᠂ ᠲᠥᠷᠥᠯ ᠵᠦᠢᠯ ᠤᠨ ᠨᠢᠭᠡᠴᠢ ᠳᠤ ᠬᠡᠷᠡᠭᠵᠢᠭᠦᠯᠵᠦ ᠪᠣᠯᠬᠤ᠂ ᠲᠣᠯᠢᠯᠠᠵᠤ ᠪᠣᠯᠬᠤ ᠦᠢᠯᠡᠳᠦᠯᠭᠡ ᠶᠢᠨ ᠵᠦᠭᠯᠡᠭᠦᠷ ᠬᠠᠩᠭᠠᠪᠠ᠃    
微信图片_20250512160249.png
     ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ︽ᠲᠦᠷᠦᠯ ᠵᠦᠢᠯ ᠢᠶᠠᠷ ᠭᠤᠣᠯ ᠪᠣᠯᠭᠠᠬᠤ︾ ᠤᠢᠢᠯᠠᠭᠠᠭᠳᠠᠬᠤᠨ ᠢ ᠴᠢᠩᠭᠠᠳᠬᠠᠵᠤ᠂ ᠳᠡᠭᠡᠳᠦ ᠱᠠᠲᠤᠨ ᠤ ᠲᠦᠷᠦ ᠶᠢᠨ ᠪᠤᠳᠤᠯᠭ᠎ᠠ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠪᠡᠯᠡ ᠣᠷᠣᠭᠤᠯᠤᠯᠲᠠ ᠶᠢᠨ ᠤᠳᠤᠷᠢᠳᠤᠮᠵᠢ ᠶᠢ ᠣᠨᠣᠪᠴᠢᠲᠠᠢ ᠡᠵᠡᠮᠳᠡᠬᠦ ᠬᠡᠷᠡᠭᠲᠡᠢ︔ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠤᠷᠢᠳᠴᠢᠯᠠᠨ ᠪᠠᠶᠢᠷᠢᠰᠢᠭᠤᠯᠵᠤ᠂ ᠲᠦᠷᠦᠯ ᠵᠦᠢᠯ ᠤᠨ ᠨᠥᠭᠡᠴᠡ ᠶᠢᠨ ᠣᠨᠣᠪᠴᠢ ᠶᠢᠨ ᠬᠡᠮᠵᠢᠶ᠎ᠡ ᠪᠣᠯᠤᠨ ᠪᠣᠯᠪᠠᠰᠤᠷᠠᠩᠭᠤᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ︔ ᠮᠡᠳᠡᠭᠦᠯᠬᠦ ᠱᠠᠭᠠᠷᠳᠠᠯᠭ᠎ᠠ ᠲᠠᠢ ᠴᠢᠩᠭ᠎ᠠ ᠬᠠᠷᠢᠴᠠᠭᠤᠯᠤᠨ ᠠᠵᠢᠯ ᠤᠨ ᠬᠤᠭᠤᠴᠠᠭ᠎ᠠ ᠶᠢ ᠨᠢᠭᠳᠠ ᠪᠠᠶᠢᠷᠢᠯᠠᠭᠤᠯᠵᠤ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠪᠣᠳᠠᠲᠠᠢ ᠪᠥᠭᠡᠳ ᠨᠠᠷᠢᠯᠢᠭ ᠬᠢᠵᠦ᠂ ᠲᠦᠷᠦᠯ ᠵᠦᠢᠯ ᠢ ᠭᠤᠶᠤᠴᠢᠯᠠᠨ ᠮᠡᠳᠡᠭᠦᠯᠬᠦ ᠶᠢ ᠥᠨᠳᠥᠷ ᠪᠦᠲᠦᠮᠵᠢᠲᠡᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠪᠠᠶᠢᠩᠭᠤᠵᠢᠭᠰᠠᠨ ᠨᠥᠭᠡᠴᠡᠯᠡᠬᠦ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ ᠲᠥᠷᠥᠯ ᠵᠦᠢᠯ ᠢ ᠲᠥᠯᠥᠪᠵᠢᠭᠦᠯᠬᠦ ᠲᠤᠰᠬᠠᠶᠢᠵᠢᠭᠰᠠᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠴᠢᠨᠠᠷ ᠰᠠᠶᠢᠲᠠᠶ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠᠷ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠳᠠᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号