| 5 ᠰᠠᠷ᠎ᠠ ᠶᠢᠨ 14 ᠤ ᠡᠳᠦᠷ᠂ ᠵᠠᠷᠤᠳ ᠬᠤᠰᠢᠭᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠬᠠᠪᠰᠤᠷᠤᠨ ᠵᠢᠯᠣᠭᠤᠳᠬᠤ | ᠰᠤᠷᠤᠯᠴᠠᠯᠭ᠎ᠠ ᠶᠢᠨ ᠬᠤᠷᠠᠯ ᠬᠢᠪᠠ᠃ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠤᠨ ᠬᠤᠯᠪᠣᠭᠳᠠᠯ ᠪᠦᠬᠦᠢ ᠨᠥᠬᠦᠳ ᠲᠤᠬᠠᠶ ᠶᠢᠨ ᠲᠠᠯᠠᠪᠠᠢ ᠳᠤ ᠵᠢᠯᠣᠭᠤᠳᠬᠤ ᠲᠠᠶᠢᠯᠤᠮᠵᠢ ᠬᠢᠪᠡ᠃ | ᠲᠤᠰᠬᠠᠶ ᠰᠡᠳᠦᠪᠲᠦ ᠵᠢᠯᠣᠭᠤᠳᠣᠯᠭ᠎ᠠ ᠨᠢ ᠲᠥᠪ ᠤᠨ ᠨᠠᠢᠮᠠᠨ ᠲᠣᠭᠲᠠᠭᠠᠯ ᠪᠠ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢᠨ ᠬᠤᠯᠪᠣᠭᠳᠠᠯ ᠪᠥᠬᠦᠶ | ᠱᠠᠭᠠᠷᠳᠠᠯᠭ᠎ᠠ ᠵᠢᠴᠢ ᠵᠦᠢᠯ ᠵᠤᠷᠪᠤᠰ ᠤᠨ ᠲᠠᠶᠢᠯᠤᠮᠵᠢ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠵᠥᠷᠢᠴᠡᠭᠰᠡᠨ ᠠᠰᠠᠭᠤᠳᠠᠯ ᠤᠨ ᠪᠣᠳᠠᠲᠠᠶ ᠢᠯᠡᠷᠡᠯ ᠪᠠ ᠬᠡᠷᠡᠭ ᠤᠨ ᠵᠢᠱᠢᠶ᠎ᠡ ᠵᠡᠷᠭᠡ ᠭᠤᠷᠪᠠᠨ ᠲᠠᠯ᠎ᠠ ᠠᠴᠠ ᠲᠡᠦᠬᠡ ᠶᠢᠨ | ᠮᠠᠲ᠋ᠧᠷᠢᠶᠠᠯ ᠢ ᠡᠮᠬᠢᠯᠡᠨ ᠳᠢᠭᠯᠡᠬᠦ᠂ ᠲᠥᠪ ᠤᠨ ᠨᠠᠢᠮᠠᠨ ᠲᠣᠭᠲᠠᠭᠠᠯ ᠢ ᠨᠡᠶᠢᠲᠡᠯᠡᠭᠰᠡᠨ ᠴᠠᠭ ᠦᠶ᠎ᠡ ᠶᠢᠨ ᠠᠬᠤᠶ | ᠪᠠᠶᠢᠳᠠᠯ ᠢ ᠡᠷᠭᠢᠴᠡᠭᠦᠯᠬᠦ ᠪᠠᠷ ᠳᠠᠮᠵᠢᠭᠤᠯᠤᠨ᠂ ᠠᠵᠢᠯ ᠤᠨ ᠦᠢᠯᠡᠳᠦᠯᠭᠡ ᠳᠠᠬᠢ ᠪᠠᠶᠢᠩᠭᠤ ᠲᠣᠬᠢᠶᠠᠯᠳᠤᠳᠠᠭ | ᠦᠵᠡᠭᠳᠡᠯ ᠪᠠ ᠦᠨᠳᠦᠰᠦᠨ ᠱᠠᠲᠤᠨ ᠤ ᠪᠣᠳᠠᠲᠤ ᠪᠠᠶᠢᠳᠠᠯ ᠲᠠᠢ ᠣᠶᠢᠷᠠᠲᠤᠭᠰᠠᠨ ᠨᠡᠶᠢᠲᠡᠯᠢᠭ ᠬᠡᠷᠡᠭ ᠤᠨ ᠵᠢᠱᠢᠶ᠎ᠡ ᠲᠠᠢ | ᠤᠶᠠᠯᠳᠤᠭᠤᠯᠤᠨ ᠭᠦᠨᠵᠡᠭᠡᠶ ᠲᠠᠶᠢᠯᠤᠮᠵᠢ ᠬᠢᠭᠰᠡᠨ ᠪᠠ ᠰᠢᠰᠲ᠋ᠧᠮ ᠲᠠᠢ ᠵᠢᠯᠣᠭᠤᠳᠪᠠ᠃ ᠮᠡᠳᠡᠭᠦᠯᠦᠯᠲᠡ ᠶᠢᠨ ᠭᠤᠤᠯ | ᠰᠡᠳᠦᠪ ᠨᠢ ᠢᠯᠡ ᠲᠣᠳᠣ᠂ ᠬᠡᠷᠡᠭ ᠤᠨ ᠵᠢᠱᠢᠶ᠎ᠡ ᠨᠢ ᠨᠠᠷᠢᠨ ᠪᠣᠳᠠᠲᠠᠶ ᠪᠠᠶᠢᠵᠤ᠂ ᠳᠡᠭᠡᠳᠦ ᠬᠡᠮᠵᠢᠶᠡᠨ ᠤ ᠤᠯᠤᠰ | ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ ᠲᠠᠢ ᠪᠠᠶᠢᠵᠤ᠂ ᠨᠢᠭᠡᠨ ᠭᠦᠨ ᠭᠦᠨᠵᠡᠭᠡᠶ ᠤᠯᠤᠰ ᠲᠥᠷᠥ ᠶᠢᠨ | ᠣᠨᠣᠯ ᠤᠨ ᠬᠢᠴᠢᠶᠡᠯ᠂ ᠰᠡᠷᠡᠮᠵᠢᠯᠡᠭᠦᠯᠬᠦ ᠬᠥᠮᠦᠵᠢᠯ ᠤᠨ ᠬᠢᠴᠢᠶᠡᠯ᠂ ᠦᠢᠯᠡᠳᠦᠯᠭᠡ ᠶᠢᠨ ᠵᠢᠯᠣᠭᠤᠳᠬᠤ ᠬᠢᠴᠢᠶᠡᠯ | ᠪᠣᠯᠤᠨ᠎ᠠ ᠭᠡᠵᠦ ᠬᠤᠷᠠᠯ ᠳᠤ ᠣᠷᠣᠯᠴᠠᠭᠰᠠᠨ ᠨᠥᠬᠦᠳ ᠰᠠᠨᠠᠯ ᠨᠢᠭᠡᠲᠡᠶ ᠦᠵᠡᠪᠡ᠃ | ᠬᠤᠷᠠᠯ ᠠᠴᠠ᠂ ᠰᠤᠷᠤᠯᠴᠠᠯᠭ᠎ᠠ ᠬᠥᠮᠦᠵᠢᠯ ᠢ ᠭᠦᠨᠵᠡᠭᠡᠢ ᠠᠬᠢᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ | ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠮᠥᠨ᠃ ᠭᠦᠨᠵᠡᠭᠡᠢ ᠰᠤᠷᠤᠯᠴᠠᠨ ᠰᠤᠳᠤᠯᠤᠨ | ᠶᠠᠷᠢᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ | ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ | ᠵᠢᠴᠢ ᠲᠡᠭᠦᠨ ᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠨᠡᠪᠲᠡᠷᠬᠡᠢ | ᠣᠶᠢᠯᠠᠭᠠᠵᠤ᠂ ᠬᠤᠯᠪᠣᠭᠳᠠᠯ ᠪᠦᠬᠦᠢ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ ᠲᠣᠭᠲᠠᠭᠠᠯ ᠢ ᠡᠵᠡᠮᠳᠡᠵᠦ᠂ | ᠠᠰᠠᠭᠤᠳᠠᠯ ᠢ ᠪᠠᠶᠢᠴᠠᠭᠠᠨ ᠵᠠᠯᠠᠷᠠᠭᠤᠯᠬᠤ᠂ ᠲᠥᠪᠯᠡᠷᠡᠭᠦᠯᠦᠨ ᠴᠡᠭᠴᠡᠯᠡᠨ ᠵᠠᠰᠠᠬᠤ ᠳᠤ ᠦᠵᠡᠯ ᠰᠠᠨᠠᠭ᠎ᠠ ᠤᠯᠤᠰ | ᠲᠦᠷᠦ ᠶᠢᠨ ᠰᠠᠭᠤᠷᠢ ᠶᠢ ᠪᠠᠲᠤ ᠲᠠᠯᠪᠢᠬᠤ ᠬᠡᠷᠡᠭᠲᠡᠢ᠃ ᠦᠨᠡᠨ ᠬᠦ ᠪᠠᠶᠢᠴᠠᠭᠠᠨ ᠪᠣᠳᠠᠲᠠᠶ ᠰᠠᠶᠢᠵᠢᠷᠠᠭᠤᠯᠬᠤ ᠶᠢ | ᠳᠣᠪᠤᠶᠢᠯᠭᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ | ᠰᠠᠨᠠᠭ᠎ᠠ ᠶᠢ ᠲᠤᠭᠤᠰᠢᠯᠠᠭᠤᠯᠬᠤ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠪᠥᠬᠦ ᠲᠠᠯ᠎ᠠ ᠪᠠᠷ ᠭᠦᠨᠵᠡᠭᠡᠶ | ᠪᠠᠶᠢᠴᠠᠭᠠᠨ ᠡᠷᠢᠵᠦ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠶ ᠠᠭᠤᠳᠠᠯᠵᠤ᠂ ᠰᠡᠷᠡᠮᠵᠢᠯᠡᠭᠦᠯᠬᠦ | ᠬᠥᠮᠦᠵᠢᠯ ᠢ ᠴᠢᠩᠭᠠᠳᠬᠠᠨ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠨᠢᠭᠡ ᠠᠴᠠ | ᠨᠥᠭᠦᠭᠡ ᠶᠢ ᠵᠦᠢᠴᠢᠯᠡᠵᠦ᠂ ᠡᠭᠦᠨ ᠢᠶᠠᠷ ᠴᠡᠭᠡᠷᠯᠡᠯ ᠪᠣᠯᠭᠠᠬᠤ ᠬᠡᠷᠡᠭᠲᠡᠶ᠃ ᠲᠥᠪᠯᠡᠷᠡᠭᠦᠯᠦᠨ ᠴᠡᠭᠴᠡᠯᠡᠨ ᠵᠠᠰᠠᠬᠤ ᠶᠢ | ᠰᠠᠶᠢᠲᠤᠷ ᠠᠳᠬᠤᠵᠤ᠂ ᠵᠠᠯᠠᠷᠠᠭᠤᠯᠬᠤ ᠶᠢ ᠵᠡᠷᠭᠡ ᠪᠠᠷ ᠠᠳᠬᠤᠬᠤ᠂ ᠥᠩᠭᠡᠨ ᠲᠠᠯ᠎ᠠ ᠪᠠ ᠦᠨᠳᠦᠰᠦ ᠠᠴᠠ ᠨᠢ | ᠵᠠᠰᠠᠬᠤ ᠶᠢ ᠪᠠᠷᠢᠮᠲᠠᠯᠠᠵᠤ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠣᠪᠤᠶᠢᠮ᠎ᠠ ᠠᠰᠠᠭᠤᠳᠠᠯ ᠳᠤ ᠨᠠᠷᠢᠨ | ᠲᠠᠩᠰᠠ ᠭᠠᠷᠭᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠭ᠍ᠵᠢᠭᠤᠯᠵᠤ᠂ ᠴᠡᠭᠴᠡᠯᠡᠨ | ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠡᠷᠡᠰ ᠬᠦᠴᠦᠲᠡᠶ ᠠᠳᠬᠤᠵᠤ᠂ ᠰᠤᠷᠤᠯᠴᠠᠯᠭ᠎ᠠ ᠬᠥᠮᠦᠵᠢᠯ ᠤᠨ ᠯᠠᠪᠳᠠᠭᠤᠨ | ᠪᠠᠲᠤᠲᠠᠶ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | | | |