| 5 ᠰᠠᠷ᠎ᠠ ᠶᠢᠨ 14 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠷᠤᠳ ᠬᠤᠰᠢᠭᠤᠨ ᠤ | ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ 111 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ | ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠤᠤ ᠶᠠᠨ ᠵᠢᠶᠦ᠋ᠨ ᠬᠤᠷᠠᠯ ᠡᠷᠭᠢᠯᠡᠭᠰᠡᠨ ᠪᠥᠭᠡᠳ | ᠶᠠᠷᠢᠶ᠎ᠠ ᠲᠠᠯᠪᠢᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠠᠲᠤ ᠵᠡᠷᠭᠡ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠡᠦ ᠴᠢᠩ ᠬᠠᠶ᠂ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦ ᠶᠦᠩ ᠵᠡᠷᠭᠡ ᠬᠤᠰᠢᠭᠤᠨ ᠤ | ᠤᠳᠤᠷᠢᠳᠤᠯᠭ᠎ᠠ ᠬᠤᠷᠠᠯ ᠳᠤ ᠰᠤᠯᠠ ᠣᠷᠣᠯᠴᠠᠪᠠ᠃ | ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠱᠠᠩᠬᠠᠶ ᠳᠤ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠯᠢᠶᠣᠤᠨᠢᠩ ᠬᠤᠲᠠ ᠶᠢᠨ ᠪᠠᠶᠢᠲ᠋ᠠ | ᠲᠣᠭᠤᠷᠢᠭ ᠤᠨ ᠨᠢᠭᠡᠨ ᠬᠤᠭᠤᠯᠠᠨ ᠭᠡᠷ ᠤᠨ ᠭᠠᠯ ᠤᠨ ᠭᠠᠮᠰᠢᠭ ᠤᠨ ᠠᠳᠡᠯ ᠳᠤ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠭᠦᠢᠢᠵᠸᠦ ᠶᠢᠨ ᠪᠢ ᠵᠢᠶᠧ ᠬᠤᠲᠠ ᠶᠢᠨ ᠴᠢᠶᠠᠨ ᠰᠢ ᠬᠤᠲᠠ ᠶᠢᠨ | ᠵᠢᠭᠤᠯᠴᠢᠯᠠᠯ ᠤᠨ ᠣᠩᠭᠤᠴᠠ ᠬᠥᠷᠪᠡᠭᠰᠡᠨ ᠠᠳᠡᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ | ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ︽ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠳᠤᠮᠳᠠ ᠡᠭᠦᠷᠭᠡ ᠡᠭᠦᠷᠭᠡᠯᠡᠬᠦ ᠶᠢ | ᠤᠷᠮᠠᠰᠢᠭᠤᠯᠤᠶᠠ︾ ᠶᠢ ᠤᠯᠠᠮᠵᠢᠯᠠᠨ ᠰᠤᠷᠤᠯᠴᠠᠪᠠ︔ ᠪᠥᠬᠦ ᠬᠤᠰᠢᠭᠤᠨ ᠤ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠭᠰᠠᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠪᠠᠶᠢᠳᠠᠯ ᠢ | ᠰᠣᠨᠣᠰᠪᠠ︔ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠲᠥᠪᠯᠡᠷᠡᠭᠦᠯᠦᠨ | ᠴᠡᠭᠴᠡᠯᠡᠨ ᠵᠠᠰᠠᠬᠤ ᠠᠰᠠᠭᠤᠳᠠᠯ ᠢ ᠰᠤᠳᠤᠯᠤᠨ ᠲᠣᠭᠲᠠᠭᠠᠪᠠ︔ ︽2025 ᠣᠨ ᠤ ᠵᠠᠷᠤᠳ ᠬᠤᠰᠢᠭᠤᠨ ᠤ ᠡᠯ᠎ᠡ | ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ | ᠲᠤᠰᠬᠠᠶ ᠰᠡᠳᠦᠪᠲᠦ ᠰᠤᠷᠤᠯᠴᠠᠯᠭ᠎ᠠ ᠶᠢᠨ ᠭᠤᠤᠯᠳᠠᠯᠭ᠎ᠠ ᠲᠠᠢ ᠠᠭᠤᠯᠭ᠎ᠠ ᠶᠢᠨ ᠲᠣᠬᠢᠷᠠᠭᠤᠯᠤᠯᠲᠠ︾ ︽ᠵᠠᠷᠤᠳ | ᠬᠤᠰᠢᠭᠤᠨ ᠤ ᠬᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠲᠣᠭᠲᠠᠭᠤᠨ ᠪᠥᠭᠡᠳ ᠡᠷᠡᠭᠦᠯ ᠢᠶᠠᠷ | ᠬᠥᠭᠵᠢᠬᠦ ᠶᠢ ᠠᠬᠢᠭᠤᠯᠬᠤ ᠠᠵᠢᠯ ᠤᠨ ᠲᠥᠰᠦᠯ ︵ᠲᠤᠷᠰᠢᠨ ᠬᠡᠷᠡᠭᠵᠢᠭᠦᠯᠬᠦ︶︾ ᠢ ᠰᠤᠳᠤᠯᠤᠨ ᠬᠢᠨᠠᠨ ᠵᠥᠪᠯᠡᠪᠡ᠃ | ᠬᠤᠷᠠᠯ ᠠᠴᠠ᠂ ᠬᠤᠰᠢᠭᠤ ᠳᠠᠶᠠᠭᠠᠷ ᠢᠶᠠᠷ ᠢᠶᠠᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠡᠳᠦᠷ ᠲᠤᠲᠤᠮ ᠤᠨ ᠠᠵᠢᠯ ᠳᠠᠭᠠᠨ | ᠠᠭᠤᠰᠤᠯᠴᠠᠭᠤᠯᠬᠤ ᠶᠢ ᠪᠠᠷᠢᠮᠲᠠᠯᠠᠵᠤ᠂ ᠪᠠᠶᠢᠩᠭᠤ ᠠᠳᠬᠤᠵᠤ᠂ ᠠᠵᠢᠯ ᠤᠨ ᠠᠷᠭ᠎ᠠ ᠬᠡᠮᠵᠢᠶ᠎ᠡ ᠪᠠᠨ ᠲᠠᠰᠤᠷᠠᠯᠲᠠ | ᠥᠬᠡᠶ ᠴᠢᠩᠭᠠᠳᠬᠠᠵᠤ᠂ ᠬᠠᠷᠠᠯᠲᠠ ᠡᠭᠦᠷᠭᠡ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠰᠤᠷᠤᠯᠴᠠᠯᠭ᠎ᠠ | ᠬᠥᠮᠦᠵᠢᠯ ᠢ ᠣᠯᠠᠨ ᠲᠦᠮᠡᠨ ᠲᠠᠢ ᠨᠢᠭᠲᠠ ᠬᠠᠷᠢᠯᠴᠠᠬᠤ ᠪᠣᠳᠠᠲᠤ ᠠᠵᠢᠯᠯᠠᠭ᠎ᠠ ᠪᠣᠯᠭᠠᠵᠤ᠂ ᠨᠠᠮ ᠣᠯᠠᠨ ᠲᠦᠮᠡᠨ | ᠺᠠᠳ᠋ᠷ ᠣᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠬᠤ ᠳᠤᠮᠳᠠ ᠬᠥᠮᠦᠵᠢᠯ ᠰᠤᠷᠤᠯᠴᠠᠯᠭ᠎ᠠ ᠶᠢᠨ ᠢᠯᠡᠳᠲᠡ | ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ ᠡᠯ᠎ᠡ ᠱᠠᠲᠤᠨ ᠤ ᠤᠳᠤᠷᠢᠳᠬᠤ ᠺᠠᠳ᠋ᠷ | ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ᠠᠰᠠᠭᠤᠳᠠᠯ ᠢ ᠴᠢᠩᠭ᠎ᠠ ᠠᠩᠬᠠᠷᠴᠤ ᠴᠡᠭᠴᠡᠯᠡᠨ | ᠰᠠᠶᠢᠵᠢᠷᠠᠭᠤᠯᠵᠤ᠂ ︽ᠲᠡᠰᠦ ᠬᠦᠯᠢᠴᠡᠬᠦ ᠦᠭᠡᠢ︾ ᠣᠪᠣᠷ ᠢᠶᠠᠷ ᠤᠢ ᠰᠢᠭᠤᠢ ᠨᠤᠲᠤᠭ ᠪᠡᠯᠴᠢᠭᠡᠷ ᠢ ᠡᠪᠳᠡᠨ | ᠰᠦᠢᠳᠭᠡᠭᠰᠡᠨ ᠬᠠᠣᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠤᠢ | ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠭᠡᠭᠰᠡᠨ ᠬᠠᠣᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ | ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠠᠬᠢᠭᠤᠯᠬᠤ ᠬᠡᠷᠡᠭᠲᠡᠢ︔ ᠡᠯ᠎ᠡ | ᠰᠤᠮᠤ ᠪᠠᠯᠭᠠᠰᠤ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠢ ᠲᠠᠶᠢᠯᠬᠤ ᠰᠡᠳᠬᠢᠬᠦᠶ ᠶᠢ ᠪᠣᠶ ᠪᠣᠯᠭᠠᠨ᠂ ᠪᠥᠬᠦ ᠬᠦᠴᠦᠨ ᠢᠶᠠᠷ ᠢᠶᠠᠨ | ᠨᠥᠭᠡᠴᠡ ᠪᠠᠶᠢᠳᠠᠯ ᠢ ᠠᠷᠢᠯᠭᠠᠵᠤ᠂ ᠨᠡᠮᠡᠭᠳᠡᠯ ᠢ ᠬᠤᠷᠢᠭᠯᠠᠨ᠂ ᠴᠡᠭᠴᠡᠯᠡᠨ ᠵᠠᠰᠠᠬᠤ ᠠᠵᠢᠯ ᠢ ᠬᠠᠤᠯᠢ ᠲᠣᠭᠲᠠᠭᠠᠯ | ᠶᠣᠰᠣᠭᠠᠷ ᠬᠤᠭᠤᠴᠠᠭ᠎ᠠ ᠶᠣᠰᠣᠭᠠᠷ ᠪᠡᠶᠡᠯᠡᠭᠦᠯᠵᠦ᠂ ᠣᠶ ᠰᠢᠭᠤᠶ ᠨᠣᠷᠲᠤᠭᠠᠢ ᠪᠡᠯᠴᠢᠭᠡᠷ ᠢ ᠰᠦᠢᠳᠭᠡᠬᠦ ᠶᠡᠷᠦᠩᠬᠡᠶ | ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠶ᠃ ᠰᠣᠳᠣᠨ ᠪᠦᠲᠦᠭᠡᠯ ᠤᠨ ᠤᠬᠠᠮᠰᠠᠷ ᠢᠶᠠᠨ ᠴᠢᠩᠭᠠᠳᠬᠠᠵᠤ᠂ | ᠪᠥᠬᠦ ᠬᠤᠰᠢᠭᠤᠨ ᠤ ᠲᠥᠷᠥᠯ ᠵᠦᠢᠯ ᠤᠨ ᠦᠵᠡᠭᠦᠯᠭᠡ ᠶᠢᠨ ᠵᠠᠩᠭᠢᠯᠠᠭ᠎ᠠ ᠶᠢᠨ ᠴᠢᠭᠯᠡᠯ ᠪᠠ ᠦᠨᠡᠨ ᠬᠦ | ᠬᠡᠷᠡᠭᠵᠢᠭᠦᠯᠦᠭᠦᠰᠢᠲᠡᠶ ᠲᠤᠰᠤᠯᠲᠠ ᠶᠢᠨ ᠴᠡᠭ ᠢ ᠣᠨᠣᠪᠴᠢᠲᠠᠶ ᠲᠣᠭᠲᠠᠭᠠᠵᠤ᠂ ᠥᠨᠳᠥᠷ ᠪᠠᠷᠢᠮᠵᠢᠶ᠎ᠠ᠂ ᠴᠢᠩᠭ᠎ᠠ | ᠱᠠᠭᠠᠷᠳᠠᠯᠭ᠎ᠠ ᠪᠠᠷ ᠪᠥᠬᠦ ᠬᠤᠲᠠ ᠶᠢᠨ ᠲᠥᠷᠥᠯ ᠵᠦᠢᠯ ᠤᠨ ᠦᠵᠡᠭᠦᠯᠦᠯᠭᠡ ᠶᠢᠨ ᠬᠤᠷᠠᠯ ᠢ ᠨᠠᠷᠢᠨ ᠨᠢᠮᠪᠠᠶ | ᠪᠡᠯᠡᠳᠬᠡᠵᠦ᠂ ᠪᠥᠬᠦ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠦᠷ᠎ᠡ | ᠪᠦᠲᠦᠭᠡᠯ᠂ ᠰᠢᠨ᠎ᠡ ᠶᠢ ᠡᠭᠦᠳᠬᠦ ᠬᠢᠯᠠᠰ ᠴᠡᠭ ᠪᠠ ᠬᠥᠭᠵᠢᠯᠲᠡ ᠶᠢᠨ ᠳᠠᠯᠳᠠ ᠬᠦᠴᠦᠨ ᠢ ᠪᠥᠬᠦ ᠲᠠᠯ᠎ᠠ ᠪᠠᠷ᠂ ᠭᠦᠨ | ᠳᠠᠪᠬᠤᠷᠭ᠎ᠠ ᠠᠴᠠ ᠳᠡᠯᠭᠡᠨ ᠦᠵᠡᠭᠦᠯᠬᠦ ᠬᠡᠷᠡᠭᠲᠡᠶ᠃ ᠤᠯᠤᠰ ᠪᠠ ᠥᠪᠡᠷᠲᠡᠭᠡᠨ ᠵᠠᠰᠠᠬᠤ ᠣᠷᠣᠨ᠂ ᠲᠦᠩᠯᠢᠶᠣᠤ | ᠬᠤᠲᠠ ᠶᠢᠨ ᠨᠡᠶᠢᠲᠡᠯᠡᠭᠰᠡᠨ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠭᠦᠢᠴᠡᠳ ᠰᠠᠶᠢᠲᠤᠷ | ᠠᠮᠢᠳᠤᠯᠢᠭ ᠬᠡᠷᠡᠭᠯᠡᠵᠦ᠂ ᠴᠠᠭ ᠪᠠ ᠪᠠᠶᠢᠳᠠᠯ ᠢ ᠦᠨᠳᠦᠰᠦᠯᠡᠨ ᠬᠥᠳᠡᠯᠦᠩᠭᠦᠶ ᠪᠠᠷ ᠲᠥᠷᠥ ᠶᠢᠨ ᠪᠣᠳᠣᠯᠭ᠎ᠠ ᠳᠤ | ᠲᠣᠬᠢᠷᠠᠭᠤᠯᠤᠯᠲᠠ ᠬᠢᠵᠦ᠂ ᠬᠠᠮᠢᠶᠠᠷᠤᠯᠲᠠ ᠶᠢᠨ ᠶᠠᠪᠤᠴᠠ ᠶᠢ ᠵᠢᠷᠤᠮᠵᠢᠭᠤᠯᠤᠨ᠂ ᠲᠥᠷᠥ ᠶᠢᠨ ᠪᠣᠳᠣᠯᠭ᠎ᠠ ᠶᠢᠨ | ᠬᠠᠮᠲᠤᠷᠠᠯ ᠬᠦᠴᠦᠨ ᠢ ᠴᠢᠩᠭᠠᠳᠬᠠᠵᠤ᠂ ᠠᠵᠤ ᠠᠬᠤᠶᠢᠯᠠᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ | ᠰᠠᠭᠤᠭᠠᠯᠢ ᠠᠷᠠᠳ ᠲᠤ ᠦᠨᠡᠨ ᠬᠦ ᠠᠰᠢᠭ ᠬᠦᠷᠲᠡᠭᠡᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ | ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠬᠦ ᠬᠡᠷᠡᠭᠲᠡᠶ︔ ᠬᠠᠷᠢᠭᠤᠴᠠᠯᠭ᠎ᠠ | ᠡᠭᠦᠷᠭᠡᠯᠡᠯ ᠢᠶᠠᠨ ᠴᠢᠩᠭᠠᠳᠬᠠᠵᠤ᠂ ᠠᠷᠠᠳ ᠤᠨ ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠬᠤ ᠪᠠᠷ ᠲᠡᠷᠢᠭᠦᠨ | ᠴᠢᠬᠤᠯᠠ ᠡᠭᠦᠷᠭᠡ ᠪᠣᠯᠭᠠᠵᠤ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠬᠡᠷ ᠪᠠᠶᠢᠰᠢᠩ | ᠬᠤᠳᠠᠯᠳᠤᠨ ᠠᠪᠬᠤ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠣᠯᠠᠨ | ᠲᠦᠮᠡᠨ ᠢ ᠰᠠᠨᠠᠭ᠎ᠠ ᠠᠮᠤᠷ ᠬᠡᠷ ᠪᠠᠶᠢᠰᠢᠩ ᠬᠤᠳᠠᠯᠳᠤᠨ ᠠᠪᠴᠤ ᠰᠠᠨᠠᠭ᠎ᠠ ᠠᠮᠤᠷ ᠰᠠᠭᠤᠬᠤ ᠪᠣᠯᠭᠠᠬᠤ ᠬᠡᠷᠡᠭᠲᠡᠶ ᠭᠡᠵᠦ | ᠴᠢᠬᠤᠯᠠᠴᠢᠯᠠᠪᠠ᠃ |