ᠣᠶᠢᠷ᠎ᠠ ᠳᠤ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠭᠳᠠᠭᠠᠨ ᠤ ᠪᠡᠶ᠎ᠡ ᠶᠢᠨ | ᠪᠠᠷᠢᠮᠵᠢᠶ᠎ᠠ ᠳᠤ ᠬᠦᠷᠬᠦ ᠰᠢᠯᠭᠠᠯᠲᠠ ᠥᠷᠨᠢᠭᠦᠯᠪᠡ᠃ ᠲᠣᠰ ᠤᠳᠠᠭᠠᠨ ᠤ ᠰᠢᠯᠭᠠᠯᠲᠠ ᠨᠢ ︽ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠠᠷᠠᠳ ᠤᠨ ᠴᠠᠭᠳᠠᠭ᠎ᠠ ᠶᠢᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ ᠳᠤ | ᠬᠦᠷᠬᠦ ᠪᠠᠷᠢᠮᠵᠢᠶ᠎ᠠ︾ ᠶᠢ ᠴᠢᠩᠭ᠎ᠠ ᠵᠢᠷᠤᠮᠯᠠᠨ᠂ ᠠᠷᠠᠳ ᠤᠨ ᠴᠠᠭᠳᠠᠭ᠎ᠠ ᠲᠤᠰᠠᠯᠠᠬᠤ ᠴᠠᠭᠳᠠᠭ᠎ᠠ ᠶᠢᠨ ᠬᠦᠢᠰᠦ ᠪᠠ | ᠨᠠᠰᠤᠨ ᠤ ᠬᠡᠰᠡᠭ ᠢᠶᠠᠷ 6 ᠳᠤᠭᠤᠶᠢᠯᠠᠩ ᠬᠤᠪᠢᠶᠠᠵᠤ᠂ 10 ᠮᠧᠲᠷ × 4 ᠪᠤᠴᠠᠨ ᠭᠦᠶᠦᠬᠦ᠂ ᠬᠤᠯᠠ ᠦᠰᠦᠷᠬᠦ | ᠂ 800 ᠮᠧᠲᠷ ᠭᠦᠶᠦᠬᠦ ︵ᠡᠮᠡᠭᠲᠡᠶ︶᠂ 1000 ᠮᠧᠲᠷ ᠬᠦᠶᠤᠬᠦ ︵ ᠡᠷᠡᠭᠳᠠᠢ︶᠂ ᠲᠠᠩᠭᠠᠶᠢᠨ ᠪᠤᠰᠬᠤ ︵ | ᠡᠮᠡᠭᠲᠡᠶ︶᠂ ᠭᠠᠷ ᠲᠤᠯᠤᠯᠳᠠ ︵ᠡᠷᠡᠭᠲᠡᠶ︶ ᠵᠡᠷᠭᠡ ᠰᠣᠷᠢᠯᠲᠠ ᠶᠢᠨ ᠲᠥᠷᠥᠯ ᠵᠤᠶᠢᠯ ᠢ ᠲᠣᠬᠢᠷᠠᠭᠤᠯᠵᠤ᠂ | ᠠᠷᠠᠳ ᠤᠨ ᠴᠠᠭᠳᠠᠭ᠎ᠠ ᠲᠤᠰᠠᠯᠠᠬᠤ ᠴᠠᠭᠳᠠᠭ᠎ᠠ ᠶᠢᠨ ᠪᠡᠶ᠎ᠡ ᠮᠠᠬᠠᠪᠣᠳ ᠤᠨ ᠬᠡᠪ ᠴᠢᠨᠠᠷ ᠢ ᠪᠦᠲᠦᠮᠵᠢᠲᠡᠶ ᠰᠢᠯᠭᠠᠨ | ᠪᠠᠶᠢᠴᠠᠭᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ᠂ ᠪᠦᠯᠬᠦᠮᠳᠡᠨ ᠲᠡᠮᠡᠴᠡᠬᠦ ᠭᠦᠨ ᠵᠤᠵᠠᠭᠠᠨ | ᠠᠭᠤᠷ ᠠᠮᠢᠰᠬᠤᠯ ᠢ ᠪᠣᠶ ᠪᠣᠯᠭᠠᠵᠤ᠂ ᠠᠷᠠᠳ ᠤᠨ ᠴᠠᠭᠳᠠᠭ᠎ᠠ ᠲᠤᠰᠠᠯᠠᠬᠤ ᠴᠠᠭᠳᠠᠭ᠎ᠠ ᠶᠢᠨ ᠪᠡᠶ᠎ᠡ ᠮᠠᠬᠠᠪᠣᠳ ᠤᠨ ᠬᠡᠪ | ᠴᠢᠨᠠᠷ ᠪᠠ ᠪᠣᠳᠠᠲᠤ ᠪᠠᠶᠢᠯᠳᠤᠭᠠᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠩᠭᠡ ᠠᠮᠤᠭᠤᠯᠠᠩ | ᠵᠠᠷᠤᠳ ᠢ ᠪᠥᠲᠥᠭᠡᠨ ᠪᠠᠶᠢᠭᠤᠯᠬᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠳᠤ ᠪᠠᠲᠤ ᠪᠠᠬᠢ ᠰᠠᠭᠤᠷᠢ ᠶᠢ | ᠲᠠᠯᠪᠢᠭᠰᠠᠨ ᠪᠠᠶᠢᠨ᠎ᠠ᠃ | | | |