5 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠵᠠᠷᠤᠳ ᠬᠤᠰᠢᠭᠤᠨ ᠤ ᠨᠠᠮ ᠤᠨ ᠬᠤᠷᠢᠶ᠎ᠠ ᠶᠢᠨ | ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠡᠷᠡᠭ ᠢ | ᠦᠨᠡᠯᠡᠨ ᠪᠠᠶᠢᠴᠠᠭᠠᠬᠤ ᠪᠠ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠠᠵᠢᠯ ᠤᠨ ᠳᠠᠶᠢᠴᠢᠯᠠᠯᠲᠠ | ᠪᠠᠶᠢᠷᠢᠯᠠᠭᠤᠯᠤᠯᠲᠠ ᠶᠢᠨ ᠬᠤᠷᠠᠯ ᠬᠢᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ | ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠶᠠᠩ ᠽᠢ ᠴᠢᠶᠠᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ | ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠳᠠᠷᠤᠭ᠎ᠠ ᠲᠤᠩᠭᠠᠯᠠᠭ᠂ ᠬᠤᠰᠢᠭᠤᠨ ᠤ ᠠᠷᠠᠳ ᠤᠨ ᠪᠠᠶᠢᠴᠠᠭᠠᠬᠤ | ᠬᠤᠷᠢᠶ᠎ᠠ ᠶᠢᠨ ᠳᠠᠷᠤᠭ᠎ᠠ ᠴᠢᠦᠶ ᠶᠧ ᠬᠤᠩ ᠬᠤᠷᠠᠯ ᠳᠤ ᠣᠷᠣᠯᠴᠠᠵᠤ᠂ ᠤᠯᠤᠰ ᠲᠥᠷᠥ ᠬᠠᠤᠯᠢ ᠴᠠᠭᠠᠵᠠ ᠶᠢᠨ | ᠨᠢᠭᠡᠴᠡ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠦᠨᠡᠯᠡᠨ ᠪᠠᠶᠢᠴᠠᠭᠠᠬᠤ ᠠᠵᠢᠯᠲᠠᠨ ᠬᠤᠷᠠᠯ ᠳᠤ | ᠣᠷᠣᠯᠴᠠᠵᠠᠶ᠃ | ᠬᠤᠷᠠᠯ ᠳᠡᠭᠡᠷ᠎ᠡ᠂ ᠲᠥᠪ ᠤᠨ ᠳᠠᠪᠬᠤᠷᠭ᠎ᠠ ᠶᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠰᠬᠠᠢ ᠠᠩᠭᠢ᠂ ᠲᠥᠪ ᠤᠨ ᠰᠠᠬᠢᠯᠭ᠎ᠠ | ᠪᠠᠲᠤ ᠪᠠᠶᠢᠴᠠᠭᠠᠬᠤ ᠬᠤᠷᠢᠶᠠᠨ ᠤ ᠠᠯᠪᠠᠨ ᠲᠢᠩᠬᠢᠮ ᠤᠨ ᠯᠢ ᠰᠢᠶᠠᠨ ᠯᠢᠨ᠂ ᠶᠧ ᠶᠢᠨ ᠭᠤᠸᠠᠩ ᠵᠡᠷᠭᠡ ᠬᠥᠮᠥᠰ ᠤᠨ | ᠲᠣᠭᠲᠠᠭᠠᠯ ᠢ ᠵᠥᠷᠢᠴᠡᠨ ᠢᠳᠡᠵᠦ ᠤᠤᠭᠤᠬᠤ ᠲᠠᠯ᠎ᠠ ᠪᠠᠷ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠬᠦᠨᠳᠦ ᠨᠣᠴᠢᠲᠠᠢ ᠵᠥᠷᠢᠴᠡᠭᠰᠡᠨ ᠠᠰᠠᠭᠤᠳᠠᠯ ᠤᠨ ᠲᠤᠬᠠᠢ ᠵᠠᠷᠯᠠᠯ ᠢ ᠤᠯᠠᠮᠵᠢᠯᠠᠨ ᠰᠤᠷᠤᠯᠴᠠᠵᠤ᠂ ᠬᠡᠷᠡᠭ ᠢ ᠦᠨᠡᠯᠡᠨ | ᠪᠠᠶᠢᠴᠠᠭᠠᠬᠤ ᠪᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠰᠤᠷᠲᠠᠯ ᠤᠨ ᠪᠠᠶᠢᠭᠤᠯᠤᠯᠲᠠ ᠶᠢᠨ ᠲᠤᠬᠠᠢ ᠴᠢᠬᠤᠯᠠ | ᠥᠭᠦᠯᠡᠯᠲᠡ ᠲᠠᠢ ᠤᠬᠠᠮᠰᠠᠷ ᠠᠴᠠ ᠪᠠᠨ ᠬᠠᠷᠭᠤᠭᠤᠯᠵᠤ᠂ ᠲᠤᠷᠰᠢᠯᠭ᠎ᠠ ᠰᠤᠷᠭᠠᠮᠵᠢ ᠶᠢ ᠭᠦᠨᠵᠡᠭᠡᠢ ᠰᠢᠩᠭᠡᠭᠡᠨ ᠠᠪᠴᠤ | ᠂ ᠬᠠᠷᠢᠭᠤᠴᠠᠯᠭ᠎ᠠ ᠶᠢᠨ ᠬᠡᠯᠬᠢᠶ᠎ᠡ ᠶᠢ ᠴᠠᠭ ᠢᠮᠠᠭᠲᠠ ᠴᠢᠩᠭᠠᠯᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ᠂ | ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠨᠡᠪᠲᠡᠷᠡᠭᠦᠯᠦᠨ ᠬᠠᠮᠵᠢᠯᠴᠠᠬᠤ ᠶᠢ ᠪᠠᠷᠢᠮᠲᠠᠯᠠᠵᠤ᠂ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠤᠯᠤᠰ ᠲᠦᠷᠦ ᠶᠢᠨ ᠤᠬᠠᠮᠰᠠᠷ᠂ ᠦᠵᠡᠯ | ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠬᠤ | ᠬᠡᠷᠡᠭᠲᠡᠢ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠢᠮᠠᠭᠲᠠ ᠤᠯᠤᠰ ᠲᠥᠷᠥ ᠶᠢ ᠡᠷᠬᠢᠮᠯᠡᠬᠦ᠂ | ᠪᠦᠬᠦ ᠲᠠᠯ᠎ᠠ ᠶᠢ ᠪᠤᠳᠤᠯᠬᠢᠯᠠᠬᠤ ᠦᠨᠳᠦᠷᠴᠡ ᠠᠴᠠ ᠦᠨᠡᠯᠡᠨ ᠪᠠᠶᠢᠴᠠᠭᠠᠬᠤ ᠠᠵᠢᠯ ᠳᠤ ᠲᠥᠪ ᠴᠢᠩᠭ᠎ᠠ ᠨᠠᠷᠢᠨ | ᠬᠢᠨᠠᠮᠠᠭᠠᠶ ᠬᠠᠨᠳᠤᠵᠤ᠂ ᠥᠨᠳᠥᠷ ᠲᠦᠪᠰᠢᠨ ᠢᠶᠠᠷ ᠠᠬᠢᠭᠤᠯᠬᠤ᠂ ᠬᠠᠷᠢᠭᠤᠴᠠᠯᠭ᠎ᠠ ᠶᠢ ᠬᠥᠮᠦᠨ ᠳᠤ | ᠨᠠᠶᠢᠳᠠᠪᠤᠷᠢᠵᠢᠭᠤᠯᠬᠤ ᠶᠢ ᠪᠠᠷᠢᠮᠲᠠᠯᠠᠨ᠂ ᠣᠶᠤᠨ ᠴᠢᠳᠠᠯ ᠢᠶᠠᠨ ᠲᠥᠪᠯᠡᠷᠡᠭᠦᠯᠦᠨ ᠪᠥᠬᠦ ᠲᠠᠯ᠎ᠠ ᠪᠠᠷ ︽ᠪᠡᠶ᠎ᠡ ᠶᠢᠨ | ᠪᠠᠶᠢᠴᠠᠭᠠᠯᠲᠠ︾ ᠬᠢᠬᠦ ᠪᠠ ᠪᠥᠬᠦ ᠲᠠᠯ᠎ᠠ ᠪᠠᠷ ︽ᠡᠷᠬᠢᠴᠡᠭᠦᠯᠤᠨ ᠳ᠋ᠦᠩᠨᠡᠯᠳᠡ ᠬᠢᠬᠦ ︾ ᠶᠢ ᠰᠠᠶᠢᠲᠤᠷ ᠬᠢᠵᠦ᠂ | ᠬᠡᠷᠡᠭ ᠤᠨ ᠶᠠᠰᠤ ᠴᠢᠨᠠᠷ ᠤᠨ ︽ᠠᠮᠢᠨ ᠰᠤᠳᠠᠰᠤ︾ ᠶᠢ ᠰᠠᠶᠢᠲᠤᠷ ᠠᠳᠬᠤᠬᠤ ᠴᠢᠬᠤᠯᠠ ᠶᠡᠭᠡ ᠤᠯᠤᠰ ᠲᠥᠷᠥ ᠶᠢᠨ | ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠬᠦ ᠬᠡᠷᠡᠭᠲᠡᠶ᠃ ᠭᠤᠣᠯᠳᠠᠯᠭ᠎ᠠ ᠶᠢ ᠴᠢᠩᠭ᠎ᠠ ᠠᠳᠬᠤᠵᠤ᠂ ᠶᠠᠪᠤᠴᠠ ᠶᠢ | ᠵᠢᠷᠤᠮᠵᠢᠭᠤᠯᠵᠤ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠭᠦᠷᠭᠡ ᠴᠢᠳᠠᠪᠬᠢ ᠳᠤ ᠠᠩᠬᠠᠷᠤᠯ ᠢᠶᠠᠨ | ᠲᠥᠪᠯᠡᠷᠡᠭᠦᠯᠵᠦ᠂ ᠦᠨᠡᠯᠡᠨ ᠪᠠᠶᠢᠴᠠᠭᠠᠬᠤ ᠪᠠᠷᠢᠮᠵᠢᠶ᠎ᠠ ᠪᠣᠯᠤᠨ ᠭᠡᠮᠵᠢᠶ᠎ᠡ ᠶᠢ ᠴᠢᠩᠭ᠎ᠠ ᠡᠵᠡᠮᠳᠡᠵᠦ᠂ ᠵᠠᠷᠴᠢᠮᠲᠤ ᠴᠢᠨᠠᠷ᠂ | ᠲᠦᠭᠡᠮᠡᠯ ᠴᠢᠨᠠᠷ᠂ ᠲᠣᠭᠲᠠᠴᠠ ᠶᠢᠨ ᠴᠢᠨᠠᠷᠲᠠᠢ ᠠᠰᠠᠭᠤᠳᠠᠯ ᠢ ᠭᠤᠣᠯᠳᠠᠯᠭ᠎ᠠ ᠲᠠᠢ ᠠᠭᠤᠳᠠᠯᠵᠤ᠂ ︽ᠦᠨᠡᠯᠡᠨ | ᠪᠠᠶᠢᠴᠠᠭᠠᠬᠤ — ᠵᠠᠷᠯᠠᠨ ᠮᠡᠳᠡᠭᠳᠡᠬᠦ — ᠴᠡᠭᠴᠡᠯᠡᠨ ᠰᠠᠶᠢᠵᠢᠷᠠᠭᠤᠯᠬᠤ︾ ᠠᠵᠢᠯ ᠤᠨ ᠪᠢᠲᠡᠭᠦᠦ ᠴᠠᠭᠠᠷᠢᠭ ᠢᠶᠠᠷ | ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠵᠢᠷᠤᠮᠵᠢᠭᠤᠯᠤᠯᠲᠠ ᠶᠢᠨ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠦᠨᠡᠯᠡᠨ | ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠳᠤ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠡᠴᠦᠰ ᠲᠤᠨᠢ | ᠲᠤᠯᠲᠠᠯ᠎ᠠ ᠦᠷ᠎ᠡ ᠪᠦᠲᠦᠮᠵᠢ ᠭᠠᠷᠭᠠᠵᠤ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠢ ᠵᠠᠳᠠᠯᠵᠤ᠂ ᠡᠬᠢ | ᠡᠭᠦᠰᠦᠯ ᠠᠴᠠ ᠨᠢ ᠴᠡᠭᠴᠡᠯᠡᠨ ᠰᠠᠶᠢᠵᠢᠷᠠᠭᠤᠯᠬᠤ᠂ ᠰᠢᠰᠲ᠋ᠧᠮ ᠲᠠᠢ ᠪᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ | ᠂ ᠨᠠᠷᠢᠨ ᠲᠠᠩᠰᠠᠴᠢᠯᠠᠭᠰᠠᠨ ᠬᠠᠮᠢᠶᠠᠷᠤᠯᠲᠠ᠂ ᠳ᠋ᠤᠭᠠᠷ ᠬᠠᠰᠤᠬᠤ ᠬᠡᠯᠪᠡᠷᠢ ᠪᠠᠷ ᠠᠬᠢᠭᠤᠯᠬᠤ ᠶᠢ ᠬᠡᠷᠡᠭᠵᠢᠭᠦᠯᠵᠦ᠂ | ᠦᠨᠡᠯᠡᠨ ᠪᠠᠶᠢᠴᠠᠭᠠᠬᠤ ᠪᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ᠂ ᠴᠡᠭᠴᠡᠯᠡᠨ ᠰᠠᠶᠢᠵᠢᠷᠠᠭᠤᠯᠬᠤ ᠪᠠᠷ | ᠳᠡᠭᠡᠭᠰᠢᠯᠡᠭᠦᠯᠬᠦ ᠶᠢ ᠠᠬᠢᠭᠤᠯᠬᠤ ᠰᠠᠶᠢᠨ ᠣᠷᠴᠢᠯ ᠢ ᠪᠦᠷᠢᠯᠳᠦᠭᠦᠯᠬᠦ ᠬᠡᠷᠡᠭᠲᠡᠢ ᠬᠡᠵᠦ ᠴᠢᠩᠭᠠᠳᠬᠠᠪᠠ᠃ |