| 5 ᠰᠠᠷ᠎ᠠ ᠶᠢᠨ 19 ᠤ ᠡᠳᠦᠷ᠂ ᠳᠣᠮᠳᠠᠲᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠥᠪᠥᠷ | ᠮᠣᠩᠭᠤᠯ ᠤᠨ ᠦᠪᠡᠷᠲᠡᠬᠡᠨ ᠵᠠᠰᠠᠬᠤ ᠣᠷᠣᠨ ᠤ ᠬᠤᠷᠢᠶᠠᠨ ᠤ ᠳᠡᠳ᠋ ᠡᠷᠬᠢᠯᠡᠭᠴᠢ ᠭᠡᠰᠢᠭᠦᠨ᠂ ᠥᠪᠥᠷ ᠮᠣᠩᠭᠤᠯ ᠤᠨ | ᠶᠡᠭᠡ ᠰᠤᠷᠭᠠᠭᠤᠯᠢ ᠶᠢᠨ ᠳᠡᠳ᠋ ᠵᠠᠬᠢᠷᠤᠯ ᠳ᠋ᠦ᠋ ᠹᠧᠩ ᠯᠢᠶᠠᠨ ᠪᠦᠯᠬᠦᠮ ᠳᠠᠭᠠᠭᠤᠯᠤᠨ ᠵᠠᠷᠤᠳ ᠬᠤᠰᠢᠭᠤᠨ ᠳᠤ ᠢᠷᠡᠵᠦ | ᠂ ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠵᠢᠴᠢ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ | ᠵᠠᠰᠠᠬᠤ ᠪᠠ ᠰᠠᠯᠬᠢ ᠴᠠᠬᠢᠯᠭᠠᠨ ᠭᠡᠷᠡᠯ ᠴᠡᠨᠡᠭ ᠢ ᠨᠢᠭᠡ ᠴᠤᠭᠴᠠᠵᠢᠭᠤᠯᠤᠭᠰᠠᠨ ᠵᠡᠷᠭᠡ ᠪᠠᠶᠢᠳᠠᠯ ᠤᠨ ᠲᠤᠬᠠᠶ ᠲᠤᠰᠬᠠᠶ | ᠰᠡᠳᠦᠪᠲᠦ ᠪᠠᠶᠢᠴᠠᠭᠠᠨ ᠰᠤᠳᠤᠯᠤᠯᠲᠠ ᠬᠢᠪᠠ᠃ ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ | ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠭᠦᠸᠧ ᠮᠢᠩ ᠴᠢᠶᠦ᠋ᠨ᠂ ᠬᠤᠰᠢᠭᠤᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠠᠩ ᠳ᠋ᠠ ᠫᠧᠩ ᠪᠠᠷ᠎ᠠ | ᠪᠣᠯᠵᠤ ᠪᠠᠶᠢᠴᠠᠭᠠᠨ ᠰᠤᠳᠤᠯᠤᠯᠲᠠ ᠬᠢᠪᠡ᠃ | | | ᠪᠠᠶᠢᠴᠠᠭᠠᠨ ᠰᠤᠳᠤᠯᠬᠤ ᠶᠠᠪᠤᠴᠠ ᠳᠤ᠂ ᠳ᠋ᠦ᠋ ᠹᠧᠩ ᠯᠢᠶᠠᠨ ᠬᠠᠮᠲᠤ ᠶᠠᠪᠣᠭᠰᠠᠳ ᠲᠠᠢ ᠪᠠᠨ ᠵᠠᠷᠤᠳ | ᠬᠤᠰᠢᠭᠤᠨ ᠤ ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠠᠯ᠎ᠠ ᠪᠠᠷ ᠬᠢ ᠠᠵᠢᠯ ᠤᠨ ᠠᠬᠢᠴᠠ᠂ | ᠣᠯᠤᠭᠰᠠᠨ ᠦᠷ᠎ᠡ ᠪᠦᠲᠦᠮᠵᠢ ᠵᠢᠴᠢ ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠠᠷᠢᠨ ᠣᠶᠢᠯᠠᠭᠠᠪᠠ᠃ | ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢ ᠴᠠᠬᠢᠯᠭᠠᠨ ᠭᠡᠷᠡᠯ ᠴᠡᠨᠡᠭ ᠤᠨ ᠨᠢᠭᠡ | ᠴᠤᠭᠴᠠᠵᠢᠯᠲᠠ ᠳᠤ ᠴᠢᠭᠯᠡᠭᠦᠯᠦᠨ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠡᠷᠬᠢᠨ ᠠᠮᠢ ᠠᠬᠤᠶ ᠶᠢ | ᠬᠠᠮᠠᠭᠠᠯᠠᠭᠰᠠᠨ ᠰᠠᠭᠤᠷᠢᠨ ᠳᠡᠭᠡᠷ᠎ᠡ᠂ ᠰᠠᠯᠬᠢᠨ ᠡᠨᠧᠷᠭᠢ ᠪᠠ ᠨᠡᠷᠡᠨ ᠤ ᠡᠨᠧᠷᠭᠢ ᠶᠢᠨ ᠡᠬᠢ ᠪᠠᠶᠠᠯᠢᠭ ᠢ ᠵᠦᠶ | ᠵᠣᠬᠢᠰᠲᠠᠶ ᠨᠡᠭᠡᠭᠡᠨ ᠠᠰᠢᠭᠯᠠᠵᠤ᠂ ᠠᠮᠢ ᠠᠬᠤᠶ ᠶᠢᠨ ᠦᠷ᠎ᠡ ᠠᠰᠢᠭ ᠬᠢᠭᠡᠳ ᠠᠵᠤ ᠠᠬᠤᠶ ᠶᠢᠨ ᠦᠷ᠎ᠡ ᠠᠰᠢᠭ ᠤᠨ | ᠣᠷᠭᠠᠨᠢᠭ ᠨᠢᠭᠡᠳᠦᠯ ᠢ ᠪᠡᠶᠡᠯᠡᠭᠦᠯᠬᠦ ᠶᠢ ᠬᠡᠯᠡᠯᠴᠡᠪᠡ᠃ ᠳ᠋ᠦ᠋ ᠹᠧᠩ ᠯᠢᠶᠠᠨ ᠴᠢᠬᠤᠯᠠᠴᠢᠯᠠᠭᠰᠠᠨ ᠨᠢ᠂ ᠬᠤᠷᠴᠢᠨ ᠤ | ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠨᠢ ᠣᠷᠣᠨ ᠪᠦᠰᠡ ᠶᠢᠨ ᠠᠮᠢ ᠠᠬᠤᠶ ᠶᠢᠨ ᠠᠮᠤᠷ ᠲᠦᠪᠰᠢᠨ ᠢ | ᠬᠠᠮᠠᠭᠠᠯᠠᠬᠤ᠂ ᠠᠵᠤ ᠠᠬᠤᠶ ᠶᠢᠨ ᠦᠷᠭᠦᠯᠵᠢᠯᠡᠬᠦᠶᠢᠴᠡ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ᠂ ᠳᠣᠮᠳᠠᠲᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠥᠪᠥᠷ | ᠮᠣᠩᠭᠤᠯ ᠤᠨ ᠦᠪᠡᠷᠲᠡᠬᠡᠨ ᠵᠠᠰᠠᠬᠤ ᠣᠷᠣᠨ ᠤ ᠬᠤᠷᠢᠶ᠎ᠠ ᠬᠢᠨ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ | ᠪᠠᠳᠠᠷᠠᠭᠤᠯᠵᠤ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠵᠠᠷᠤᠳ ᠬᠤᠰᠢᠭᠤ | ᠴᠢᠨᠠᠭᠰᠢᠯᠠᠪᠠᠯ ᠪᠦᠬᠦ᠋ᠢᠯᠡ ᠥᠪᠥᠷ ᠮᠣᠩᠭᠤᠯ ᠤᠨ ᠠᠮᠢ ᠠᠬᠤᠶ ᠶᠢᠨ ᠬᠠᠮᠠᠭᠠᠯᠠᠯᠲᠠ ᠪᠠ ᠪᠥᠲᠥᠭᠡᠨ | ᠪᠠᠶᠢᠭᠤᠯᠤᠯᠲᠠ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠪᠡ᠃ | | | ᠲᠣᠰ ᠤᠳᠠᠭᠠᠨ ᠤ ᠪᠠᠶᠢᠴᠠᠭᠠᠨ ᠰᠤᠳᠤᠯᠬᠤ ᠠᠵᠢᠯᠯᠠᠭ᠎ᠠ ᠨᠢ ᠵᠠᠷᠤᠳ ᠬᠤᠰᠢᠭᠤᠨ ᠤ ᠬᠤᠷᠴᠢᠨ ᠤ ᠡᠯᠡᠰᠦᠷᠬᠡᠭ | ᠭᠠᠵᠠᠷ ᠢ ᠶᠡᠷᠦᠩᠬᠡᠶᠢᠯᠡᠨ ᠵᠠᠰᠠᠬᠤ ᠵᠢᠴᠢ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢ | ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠵᠡᠷᠭᠡ ᠲᠠᠯ᠎ᠠ ᠶᠢᠨ ᠪᠠᠶᠢᠳᠠᠯ ᠢ ᠭᠦᠨᠵᠡᠭᠡᠶ ᠣᠶᠢᠯᠠᠭᠠᠬᠤ ᠳᠤ | ᠴᠢᠬᠤᠯᠠ ᠠᠵᠠ ᠲᠣᠬᠢᠶᠠᠯ ᠬᠠᠩᠭᠠᠭᠰᠠᠨ ᠪᠥᠭᠡᠳ ᠲᠠᠷᠠᠭᠠᠴᠢ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠪᠠ | ᠲᠥᠷᠥᠯ ᠵᠦᠢᠯ ᠢ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠪᠡ᠃ ᠡᠯ᠎ᠡ ᠲᠠᠯ᠎ᠠ ᠶᠢᠨ ᠬᠠᠮᠲᠤ ᠶᠢᠨ | ᠴᠢᠷᠮᠠᠶᠢᠯᠭ᠎ᠠ ᠳᠣᠣᠷ᠎ᠠ᠂ ᠵᠠᠷᠤᠳ ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠵᠤ | ᠂ ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠯᠲᠡ ᠶᠢᠨ ᠴᠢᠨᠠᠷ ᠰᠠᠶᠢᠲᠠᠢ ᠵᠠᠮ ᠢᠶᠠᠷ | ᠵᠠᠮᠨᠠᠬᠤ ᠪᠣᠯᠤᠨ᠎ᠠ ᠭᠡᠵᠦ ᠢᠲᠡᠭᠡᠵᠦ ᠪᠠᠶᠢᠨ᠎ᠠ᠃ | | | | |