ᠵᠠᠷᠤᠳ ᠬᠤᠰᠢᠭᠤ 2025 ᠣᠨ ᠤ ᠬᠠᠷ᠎ᠠ ᠬᠥᠷᠥᠰᠥ ᠶᠢ ᠬᠠᠮᠠᠭᠠᠯᠠᠬᠤ ᠴᠢᠨᠠᠷᠲᠠᠶ ᠲᠠᠷᠢᠶᠠᠯᠠᠬᠤ᠂ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠢ ᠠᠬᠢᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2025/5/20
       ᠣᠶᠢᠷ᠎ᠠ ᠳᠤ᠂ ᠵᠠᠷᠤᠳ ᠬᠤᠰᠢᠭᠤ 2025 ᠣᠨ ᠤ ᠬᠠᠷ᠎ᠠ ᠬᠥᠷᠥᠰᠥ ᠶᠢ ᠬᠠᠮᠠᠭᠠᠯᠠᠬᠤ ᠴᠢᠨᠠᠷᠲᠠᠶ ᠲᠠᠷᠢᠶᠠᠯᠠᠬᠤ᠂ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠢ ᠠᠬᠢᠭᠤᠯᠬᠤ ᠬᠤᠷᠠᠯ  ᠬᠢᠵᠦ᠂ ᠳᠡᠳ᠋ ᠬᠤᠰᠢᠭᠤᠨ ᠳᠠᠷᠤᠭ᠎ᠠ ᠼᠦᠢ ᠯᠸᠢ ᠯᠸᠢ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠬᠤᠷᠠᠯ ᠠᠴᠠ ᠣᠳᠣᠬᠠᠨ ᠤ ᠪᠥᠬᠦ ᠬᠤᠰᠢᠭᠤᠨ ᠤ ᠬᠠᠷ᠎ᠠ ᠬᠥᠷᠥᠰᠥ ᠶᠢ ᠬᠠᠮᠠᠭᠠᠯᠠᠬᠤ ᠴᠢᠨᠠᠷᠲᠠᠶ ᠲᠠᠷᠢᠶᠠᠯᠠᠭ᠎ᠠ ᠪᠠ ᠲᠠᠷᠢᠶᠠᠨ ᠭᠠᠵᠠᠷ ᠢ ᠭᠦᠨ ᠰᠤᠯᠠᠷᠠᠭᠤᠯᠵᠤ ᠪᠠᠶᠢᠭ᠎ᠠ ᠠᠵᠢᠯ ᠤᠨ ᠠᠬᠢᠴᠠ ᠶᠢᠨ ᠪᠠᠶᠢᠳᠠᠯ ᠢ ᠮᠡᠳᠡᠭᠳᠡᠵᠦ᠂ ᠣᠳᠣᠬᠠᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ  ᠳᠣᠲᠠᠭᠳᠠᠯ ᠢ ᠵᠢᠭᠠᠵᠤ ᠭᠠᠷᠭᠠᠪᠠ᠃ ᠬᠤᠷᠠᠯ ᠠᠴᠠ ᠡᠯ᠎ᠡ ᠰᠤᠮᠤ ᠪᠠᠯᠭᠠᠰᠤ ᠲᠠᠯᠠᠪᠠᠶ ᠬᠢᠨ ᠦᠳᠲᠡᠷ ᠲᠦᠷᠭᠡᠨ ᠬᠥᠳᠡᠯᠦᠯᠴᠡᠵᠦ᠂ ᠠᠵᠢᠯ ᠤᠨ ᠡᠭᠦᠷᠭᠡ ᠪᠠᠨ ᠪᠣᠳᠠᠲᠠᠶ ᠠᠵᠢᠯᠯᠠᠬᠤ ᠮᠠᠰᠢᠨ ᠪᠠᠭᠠᠵᠢ ᠪᠠ ᠭᠠᠵᠠᠷ ᠰᠢᠷᠣᠶ ᠳᠤ ᠨᠠᠷᠢᠯᠢᠬᠵᠢᠭᠤᠯᠤᠨ ᠬᠤᠪᠢᠶᠠᠷᠢᠯᠠᠵᠤ᠂ ᠬᠠᠷᠢᠭᠤᠴᠠᠯᠭ᠎ᠠ ᠶᠢ ᠬᠥᠮᠦᠨ ᠳᠤ ᠨᠠᠶᠢᠳᠠᠪᠤᠷᠢᠵᠢᠭᠤᠯᠵᠤ᠂ ᠡᠭᠦᠷᠭᠡ ᠶᠢ ᠲᠠᠷᠢᠶᠠᠨ ᠭᠠᠵᠠᠷ ᠬᠦᠷᠲᠡᠯ᠎ᠡ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ᠃ ᠮᠡᠷᠭᠡᠵᠢᠯ ᠤᠨ ᠵᠢᠷᠤᠮᠵᠢᠯ ᠢ ᠴᠢᠩᠭ᠎ᠠ ᠵᠢᠷᠤᠮᠯᠠᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠨ᠂ ᠠᠵᠢᠯ ᠢ ᠠᠬᠢᠭᠤᠯᠬᠤ ᠬᠤᠷᠳᠤᠴᠠ ᠶᠢ ᠲᠦᠷᠭᠡᠳᠬᠡᠵᠦ᠂ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠪᠠ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨᠬᠦ ᠪᠠᠲᠣᠯᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号