ᠨᠠᠮ ᠤᠨ ᠰᠢᠨ᠎ᠡ ᠴᠠᠭ ᠦᠶ᠎ᠡ ᠶᠢᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠲᠤᠤᠱᠯᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠦᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠲᠥᠯᠥᠭᠡ᠂ | ᠣᠶᠢᠷ᠎ᠠ ᠳᠤ᠂ ᠭᠠᠭ᠋ᠠᠶᠢᠲᠤ ᠪᠠᠯᠭᠠᠰᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ᠂ | ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠬᠠᠮᠲᠤᠷᠠᠨ ︽ᠦᠨᠳᠦᠰᠦᠲᠡᠨ ᠤ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠣᠨᠣᠯ ᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ | ᠃ ᠠᠵᠢᠯᠯᠠᠭ᠎ᠠ ᠶᠢᠨ ᠳᠤᠮᠳᠠ᠂ ᠤᠬᠠᠭᠤᠯᠤᠨ ᠲᠠᠶᠢᠯᠪᠤᠷᠢᠯᠠᠭᠴᠢ ᠬᠢᠯᠪᠠᠷ ᠣᠶᠢᠯᠠᠭᠠᠮᠵᠢᠲᠠᠶ ᠦᠭᠡ ᠬᠡᠯᠡ ᠪᠠᠷ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠠᠭᠤᠯᠤᠭᠳᠠᠬᠤᠨ ᠪᠠ | ᠠᠴᠢ ᠬᠤᠯᠪᠣᠭᠳᠠᠯ ᠢ ᠭᠦᠨᠵᠡᠭᠡᠶ ᠲᠠᠶᠢᠯᠪᠤᠷᠢᠯᠠᠵᠤ᠂ ᠵᠠᠯᠠᠭᠤᠴᠤᠳ ᠪᠠᠭᠠᠴᠤᠳ ᠢ ᠳᠠᠭᠠᠭᠤᠯᠤᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ | ︾ ᠢ ᠰᠤᠷᠤᠯᠴᠠᠵᠤ᠂ ᠵᠠᠯᠠᠭᠤᠴᠤᠳ ᠪᠠᠭᠠᠴᠤᠳ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠲᠤᠬᠠᠶ | ᠲᠠᠨᠢᠯᠲᠠ ᠶᠢ ᠪᠦᠲᠦᠮᠵᠢᠲᠡᠶ ᠳᠡᠭᠡᠭᠰᠢᠯᠡᠭᠦᠯᠵᠦ᠂ ︽ᠭᠤᠷᠪᠠᠨ ᠰᠠᠯᠵᠤ ᠴᠢᠳᠠᠬᠤ ᠥᠬᠡᠶ︾᠂ ︽ᠲᠠᠪᠤ ᠶᠢ ᠮᠡᠳᠡᠷᠡᠬᠦ︾ | ᠶᠢᠨ ᠣᠶᠢᠯᠠᠭᠠᠭᠳᠠᠬᠤᠨ ᠢ ᠴᠢᠩᠭᠠᠳᠬᠠᠪᠠ᠃ | | |