ᠵᠠᠷᠤᠳ ᠬᠤᠰᠢᠭᠤ ᠨᠢᠭᠤᠴᠠ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠤᠨ ᠰᠠᠷ᠎ᠠ ᠶᠢᠨ ᠠᠵᠢᠯᠯᠠᠭ᠎ᠠ ᠶᠢ ᠵᠢᠩᠬᠢᠨᠢ ᠪᠠᠷ ᠡᠬᠢᠯᠡᠭᠦᠯᠪᠡ
ᠨᠡᠶᠢᠲᠡᠯᠡᠭᠰᠡᠨ ᠴᠠᠭ᠄
2025/5/22
   ᠡᠨᠡ ᠵᠢᠯ ᠤᠨ 5 ᠰᠠᠷ᠎ᠠ ᠪᠣᠯ ᠮᠠᠨ ᠤ ᠤᠯᠤᠰ ᠤᠨ 37 ᠳ᠋ᠤᠭᠠᠷ ᠨᠢᠭᠤᠴᠠ ᠶᠢ ᠬᠠᠮᠠᠭᠠᠯᠠᠬᠤ ᠤᠬᠠᠭᠤᠯᠭ᠎ᠠ ᠶᠢᠨ ᠰᠠᠷ᠎ᠠ ᠪᠣᠯᠤᠨ᠎ᠠ᠃ 5 ᠰᠠᠷ᠎ᠠ ᠶᠢᠨ 21 ᠤ ᠡᠳᠦᠷ᠂ ᠵᠠᠷᠤᠳ ᠬᠤᠰᠢᠭᠤ ︽ᠨᠢᠭᠤᠴᠠ ᠶᠢ ᠬᠠᠮᠠᠭᠠᠯᠠᠬᠤ ᠰᠡᠷᠭᠡᠶᠢᠯᠡᠯᠲᠡ ᠶᠢᠨ ᠱᠤᠭᠤᠮ ᠢ ᠬᠠᠮᠳᠤ ᠪᠠᠷ ᠪᠠᠶᠢᠭᠤᠯᠬᠤ ᠳᠤ ᠠᠷᠠᠳ ᠢᠷᠭᠡᠨ ᠪᠦᠬᠦᠨ ᠬᠠᠷᠢᠭᠤᠴᠠᠯᠭ᠎ᠠ ᠲᠠᠢ︾ ᠭᠡᠬᠦ ᠨᠢᠭᠤᠴᠠ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠤᠨ ᠰᠠᠷ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠭᠦᠸᠧ ᠶᠠ ᠹᠧᠩ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠪᠠᠶᠠᠷ ᠤᠨ ᠦᠭᠡ ᠬᠡᠯᠡᠵᠦ᠂ ᠡᠯ᠎ᠡ ᠬᠠᠮᠢᠶ᠎ᠠ ᠪᠥᠬᠦᠶ ᠨᠢᠭᠡᠴᠡ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠ ᠨᠢᠭᠤᠴᠠ ᠶᠢ ᠬᠠᠮᠠᠭᠠᠯᠠᠭᠴᠢ ᠠᠵᠢᠯᠯᠠᠭ᠎ᠠ ᠳᠤ ᠣᠷᠣᠯᠴᠠᠵᠠᠶ᠃    
微信图片_20250522093045.jpg
    ᠭᠦᠸᠧ ᠶᠠ ᠹᠧᠩ ᠡᠬᠢᠯᠡᠯᠲᠡ ᠶᠢᠨ ᠶᠣᠰᠣᠯᠠᠯ ᠳᠡᠭᠡᠷ᠎ᠡ ᠬᠡᠯᠡᠭᠰᠡᠨ ᠨᠢ᠂ ᠣᠶᠢᠷ᠎ᠠ ᠶᠢᠨ ᠵᠢᠯ ᠳᠤ᠂ ᠬᠤᠰᠢᠭᠤᠨ ᠤ ᠨᠠᠮ ᠤᠨ ᠬᠤᠷᠢᠶ᠎ᠠ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠢᠭᠤᠴᠠ ᠶᠢ ᠬᠠᠮᠠᠭᠠᠯᠠᠬᠤ ᠠᠵᠢᠯ ᠢ ᠭᠦᠨᠵᠡᠭᠡᠶ ᠥᠷᠨᠢᠭᠦᠯᠵᠦ᠂ ︽ᠨᠠᠮ ᠤᠨ ᠬᠤᠷᠢᠶ᠎ᠠ ᠵᠠᠰᠠᠭ ᠤᠨ ᠣᠷᠳᠣᠨ ᠦᠨᠡᠨ ᠬᠦ ᠠᠳᠬᠤᠨ ᠪᠣᠳᠠᠲᠠᠶ ᠬᠠᠮᠢᠶᠠᠷᠬᠤ᠂ ᠡᠯ᠎ᠡ ᠪᠠᠶᠢᠭᠤᠯᠭ᠎ᠠ ᠴᠢᠩᠭ᠎ᠠ ᠬᠠᠮᠢᠶᠠᠷᠬᠤ᠂ ᠡᠯ᠎ᠡ ᠨᠢᠭᠡᠴᠡ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ᠂ ᠠᠷᠠᠳ ᠣᠯᠠᠨ ᠤ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠬᠠᠮᠢᠶᠠᠷᠬᠤ︾ ᠠᠵᠢᠯ ᠤᠨ ᠪᠠᠶᠢᠷᠢᠰᠢᠯ ᠢ ᠠᠩᠬ᠎ᠠ ᠠᠯᠬᠤᠮ ᠪᠦᠷᠢᠯᠳᠦᠭᠦᠯᠵᠦ᠂ ᠨᠢᠭᠤᠴᠠ ᠶᠢ ᠬᠠᠮᠠᠭᠠᠯᠠᠬᠤ ᠠᠵᠢᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠥᠬᠦ ᠬᠤᠰᠢᠭᠤᠨ ᠤ ᠪᠦᠬᠦ ᠲᠠᠯ᠎ᠠ ᠶᠢᠨ ᠡᠶ᠎ᠡ ᠵᠣᠬᠢᠴᠠᠩᠭᠤᠶ ᠲᠣᠭᠲᠠᠭᠤᠨ ᠢ ᠦᠨᠡᠨ ᠬᠦ ᠬᠠᠮᠠᠭᠠᠯᠠᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠲᠡᠶ ᠲᠤᠯᠭᠠᠭᠤᠷᠢᠯᠠᠪᠠ᠃ ᠪᠢᠳᠡ ᠤᠯᠤᠰ ᠲᠥᠷᠥ ᠶᠢ ᠡᠷᠬᠢᠮᠯᠡᠬᠦ ᠳᠡᠭᠡᠳᠦ ᠬᠡᠮᠵᠢᠶᠡᠨ ᠠᠴᠠ ︽ᠨᠢᠭᠤᠴᠠ ᠶᠢ ᠬᠠᠮᠠᠭᠠᠯᠠᠬᠤ ᠳᠤ ᠪᠠᠭ᠎ᠠ ᠶᠠᠪᠤᠳᠠᠯ ᠥᠬᠡᠶ︾ ᠭᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠨᠢᠭᠤᠴᠠ ᠶᠢ ᠬᠠᠮᠠᠭᠠᠯᠠᠬᠤ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠴᠠᠭ ᠢᠮᠠᠭᠲᠠ ᠰᠠᠨᠠᠭᠠᠰᠢᠷᠠᠭᠠᠳ ᠪᠠᠶᠢᠳᠠᠭ ᠬᠠᠷᠢᠭᠤᠴᠠᠯᠭᠠᠲᠤ ᠰᠡᠳᠬᠢᠯᠭᠡ ᠪᠠᠷ ᠨᠢᠭᠤᠴᠠ ᠶᠢ ᠬᠠᠮᠠᠭᠠᠯᠠᠬᠤ ᠠᠵᠢᠯ ᠢ ᠡᠳᠦᠷ ᠲᠤᠲᠤᠮ ᠤᠨ ᠠᠵᠢᠯ ᠲᠠᠢ ᠠᠭᠤᠰᠤᠯᠴᠠᠭᠤᠯᠬᠤ ᠬᠡᠷᠡᠭᠲᠡᠶ︔ ᠭᠠᠵᠠᠷ ᠪᠣᠯᠭᠠᠨ ᠳᠤ ᠰᠡᠷᠡᠮᠵᠢᠳᠤ ᠰᠡᠳᠬᠢᠯᠭᠡ ᠪᠠᠷ ᠨᠢᠭᠤᠴᠠ ᠶᠢ ᠬᠠᠮᠠᠭᠠᠯᠠᠬᠤ ᠱᠠᠭᠠᠷᠳᠠᠯᠭ᠎ᠠ ᠶᠢ ᠲᠤᠬᠠᠶᠢᠯᠠᠭᠰᠠᠨ ᠠᠵᠢᠯ ᠳᠠᠭᠠᠨ ᠢᠮᠠᠭᠲᠠ ᠲᠤᠭᠤᠰᠢᠯᠠᠭᠤᠯᠬᠤ ᠬᠡᠷᠡᠭᠲᠡᠢ︔ ᠬᠥᠮᠦᠨ ᠪᠦᠬᠦᠨ ᠠᠵᠢᠯ ᠤᠨ ᠬᠠᠷᠢᠭᠤᠴᠠᠯᠭ᠎ᠠ ᠪᠠᠨ ᠬᠠᠮᠠᠭᠠᠯᠠᠬᠤ ᠡᠭᠦᠷᠭᠡᠲᠦ ᠪᠣᠳᠣᠯ ᠢᠶᠠᠷ ᠬᠠᠷᠢᠭᠤᠴᠠᠯᠭ᠎ᠠ ᠶᠢᠨ ᠬᠡᠯᠬᠢᠶ᠎ᠡ ᠶᠢ ᠪᠣᠳᠠᠲᠠᠶᠢᠵᠢᠭᠤᠯᠵᠤ᠂ ᠨᠢᠭᠤᠴᠠ ᠶᠢ ᠬᠠᠮᠠᠭᠠᠯᠠᠬᠤ ᠰᠠᠬᠢᠯᠭ᠎ᠠ ᠪᠠᠲᠤ ᠶᠢ ᠪᠥᠬᠦ ᠺᠠᠳ᠋ᠷᠴᠤᠳ ᠤᠨ ᠠᠵᠢᠯᠯᠠᠭᠠᠨ ᠤ ᠤᠬᠠᠮᠰᠠᠷ ᠪᠣᠯᠭᠠᠵᠤ᠂ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠶᠢ ᠴᠢᠩᠭᠠᠳᠬᠠᠵᠤ᠂ ︽ᠬᠤᠷᠤᠮ ᠤᠨ ᠰᠠᠯᠬᠢ︾ ᠪᠤᠯᠬᠤ ᠶᠢ ᠲᠡᠪᠴᠢᠵᠦ᠂ ᠰᠢᠨ᠎ᠡ ᠴᠠᠭ ᠦᠶ᠎ᠡ ᠶᠢᠨ ᠨᠢᠭᠤᠴᠠ ᠶᠢ ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠨᠢᠭᠤᠴᠠ ᠶᠢ ᠬᠠᠮᠠᠭᠠᠯᠠᠬᠤ ᠶᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠮᠤᠷ ᠲᠦᠪᠰᠢᠨ ᠤ ᠨᠡᠭᠡᠯᠡᠬᠡᠶ ᠪᠣᠯᠭᠠᠬᠤ ᠬᠡᠷᠡᠭᠲᠡᠶ ᠭᠡᠪᠡ᠃    ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ᠂ ᠠᠬᠤᠶ ᠪᠠᠶᠢᠳᠠᠯ ᠤᠨ ᠮᠠᠶ᠋ᠢᠭ ᠤᠨ ᠵᠢᠭᠠᠨ ᠰᠤᠷᠭᠠᠯᠲᠠ ᠵᠢᠴᠢ ᠨᠢᠭᠤᠴᠠ ᠶᠢ ᠬᠠᠮᠠᠭᠠᠯᠠᠬᠤ ᠭᠤᠤᠯ ᠰᠡᠳᠦᠪᠲᠦ ᠦᠢᠯᠡᠳᠦᠯᠴᠡᠬᠦ ᠠᠵᠢᠯᠯᠠᠭ᠎ᠠ ᠥᠷᠨᠢᠭᠦᠯᠪᠡ᠃ ᠪᠣᠯᠪᠠᠰᠤᠷᠠᠯ ᠳᠤ ᠣᠷᠣᠯᠴᠠᠭᠰᠠᠳ ᠡᠩ ᠲᠡᠷᠢᠭᠦᠨ ᠳᠤ ᠨᠢᠭᠤᠴᠠ ᠶᠢ ᠬᠠᠮᠠᠭᠠᠯᠠᠭᠰᠠᠨ ᠬᠥᠭᠵᠢᠯᠲᠡ ᠶᠢᠨ ᠶᠠᠪᠤᠴᠠ᠂ ᠨᠢᠭᠤᠴᠠ ᠶᠢ  ᠬᠠᠮᠠᠭᠠᠯᠠᠭᠰᠠᠨ ᠬᠤᠪᠢᠰᠬᠠᠯ ᠤᠨ ᠮᠥᠷ᠂ ᠨᠢᠭᠤᠴᠠ ᠶᠢ ᠬᠠᠮᠠᠭᠠᠯᠠᠬᠤ ᠰᠡᠷᠡᠮᠵᠢᠯᠡᠭᠦᠯᠦᠯ ᠤᠨ ᠬᠡᠷᠡᠭ ᠤᠨ ᠵᠢᠱᠢᠶ᠎ᠡ᠂ ᠨᠢᠭᠤᠴᠠ ᠶᠢ ᠬᠠᠮᠠᠭᠠᠯᠠᠬᠤ ᠰᠠᠨᠠᠭᠤᠯᠤᠮᠵᠢ ᠶᠢᠨ ᠬᠥᠮᠦᠵᠢᠯ ᠵᠡᠷᠭᠡ 4 ᠦᠵᠡᠭᠦᠯᠭᠡ ᠶᠢᠨ ᠲᠣᠭᠤᠷᠢᠭ ᠢ ᠲᠣᠭᠤᠷᠢᠨ ᠦᠵᠡᠭᠰᠡᠨ ᠪᠥᠭᠡᠳ ᠬᠠᠮᠲᠤ ᠶᠢᠨ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠵᠦ᠂ ᠨᠢᠭᠤᠴᠠ ᠶᠢ ᠬᠠᠮᠠᠭᠠᠯᠠᠬᠤ ᠠᠮᠠᠯᠠᠯᠲᠠ ᠶᠢᠨ ᠬᠡᠷᠡᠮ ᠳᠡᠭᠡᠷ᠎ᠡ ᠨᠢᠭᠤᠴᠠ ᠶᠢ ᠬᠠᠮᠠᠭᠠᠯᠠᠬᠤ ᠠᠮᠠᠯᠠᠯᠲᠠ ᠶᠢᠨ ᠪᠢᠴᠢᠭ ᠲᠣᠭᠲᠠᠪᠠ᠃   
微信图片_20250522093127.jpg
   ᠠᠬᠤᠶ ᠪᠠᠶᠢᠳᠠᠯ ᠤᠨ ᠪᠣᠯᠪᠠᠰᠤᠷᠠᠯ ᠳᠤᠮᠳᠠ᠂ ᠤᠯᠠᠮᠵᠢᠯᠠᠯᠲᠤ ᠤᠬᠠᠭᠤᠯᠭ᠎ᠠ ᠬᠥᠮᠦᠵᠢᠯ ᠤᠨ ᠵᠠᠭᠪᠤᠷ ᠢ ᠡᠪᠳᠡᠵᠦ᠂ ᠰᠤᠷᠭᠠᠨ ᠬᠥᠮᠦᠵᠢᠯ ᠢ ᠪᠠᠶᠠᠷ ᠴᠡᠩᠭᠡᠯ ᠳᠤ ᠠᠬᠤᠭᠤᠯᠵᠤ᠂ ᠠᠬᠤᠶ ᠪᠠᠶᠢᠳᠠᠯ ᠳᠤ ᠬᠦᠨᠵᠡᠭᠡᠶᠢᠷᠡᠭᠦᠯᠬᠦ ᠮᠠᠶ᠋ᠢᠭ ᠤᠨ ᠨᠢᠭᠤᠴᠠ ᠶᠢ ᠬᠠᠮᠠᠭᠠᠯᠠᠬᠤ ᠪᠣᠯᠪᠠᠰᠤᠷᠠᠯ ᠥᠷᠨᠢᠭᠦᠯᠵᠦ᠂ ᠪᠣᠯᠪᠠᠰᠤᠷᠠᠯ ᠳᠤ ᠣᠷᠣᠯᠴᠠᠭᠰᠠᠨ ᠪᠥᠬᠦ ᠬᠥᠮᠦᠰ ᠲᠤ ᠴᠤ᠋ ᠰᠢᠨ᠎ᠡ ᠰᠤᠷᠭᠠᠨ ᠬᠥᠮᠦᠵᠢᠯ ᠤᠨ ᠰᠢᠨ᠎ᠡ ᠥᠩᠭᠡᠷᠡᠯᠲᠡ ᠶᠢ ᠠᠪᠴᠢᠷᠠᠭᠰᠠᠨ ᠪᠠᠶᠢᠨ᠎ᠠ᠃ ᠨᠢᠭᠤᠴᠠ ᠶᠢ ᠬᠠᠮᠠᠭᠠᠯᠠᠬᠤ ᠱᠤᠭ ᠵᠢᠷᠤᠭ ᠵᠢᠷᠤᠬᠤ᠂ ᠵᠣᠬᠢᠴᠠᠯᠳᠤᠬᠤ ᠬᠠᠤᠯᠢ ᠶᠢᠨ ᠵᠤᠷᠪᠤᠰ ᠬᠠᠪᠴᠢᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠣᠶᠢᠷ᠎ᠠ ᠶᠢᠨ ᠵᠢᠯ ᠤᠳ ᠤᠨ ᠨᠡᠶᠢᠲᠡᠯᠢᠭ ᠬᠡᠷᠡᠭ ᠤᠨ ᠵᠢᠱᠢᠶ᠎ᠡ ᠳᠤ ᠣᠯᠠᠨ ᠲᠠᠯ᠎ᠠ ᠠᠴᠠ ᠵᠠᠳᠠᠯᠤᠯᠲᠠ ᠬᠢᠵᠦ᠂ ᠨᠢᠭᠤᠴᠠ ᠶᠢ ᠬᠠᠮᠠᠭᠠᠯᠠᠬᠤ ᠬᠠᠤᠯᠢ ᠲᠣᠭᠲᠠᠭᠠᠯ ᠤᠨ ᠭᠤᠤᠯ ᠵᠦᠢᠯ ᠵᠤᠷᠪᠤᠰ ᠢ ᠰᠢᠰᠲ᠋ᠧᠮ ᠲᠠᠢ ᠲᠠᠶᠢᠯᠪᠤᠷᠢᠯᠠᠪᠠ᠃ ᠢᠯᠠᠩᠭᠤᠶ᠎ᠠ ︽ᠨᠢᠭᠤᠴᠠ ᠶᠢ ᠬᠠᠮᠠᠭᠠᠯᠠᠬᠤ ᠬᠠᠤᠯᠢ︾ ᠳᠤ ᠲᠣᠳᠣᠷᠬᠠᠶᠢᠯᠠᠭᠰᠠᠨ 13 ᠵᠦᠢᠯ ᠤᠨ ᠨᠢᠭᠤᠴᠠ ᠶᠢ ᠬᠠᠮᠠᠭᠠᠯᠠᠬᠤ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠭᠯᠡᠭᠦᠯᠦᠨ᠂ ᠨᠡᠶᠢᠲᠡᠯᠢᠭ ᠵᠢᠱᠢᠶ᠎ᠡ ᠶᠢᠨ ᠨᠢᠭᠤᠴᠠ ᠶᠢ ᠵᠠᠳᠠᠷᠠᠭᠤᠯᠤᠭᠰᠠᠨ ᠬᠡᠷᠡᠭ ᠲᠠᠢ ᠤᠶᠠᠯᠳᠤᠭᠤᠯᠤᠨ᠂ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠪᠣᠳᠠᠲᠠᠶ ᠪᠠᠶᠢᠳᠠᠯ᠂ ᠳᠠᠯᠳᠠ ᠬᠤᠤᠷ ᠬᠥᠨᠥᠭᠡᠯ ᠵᠢᠴᠢ ᠬᠠᠤᠯᠢ ᠴᠠᠭᠠᠵᠠ ᠶᠢᠨ ᠦᠷ᠎ᠡ ᠳ᠋ᠦᠩ ᠢ ᠠᠮᠢᠳᠤᠯᠢᠭ ᠢᠶᠠᠷ ᠲᠣᠳᠣᠷᠬᠠᠶᠢᠯᠠᠨ ᠥᠭᠦᠯᠡᠵᠦ᠂ ᠬᠠᠤᠯᠢ ᠴᠠᠭᠠᠵᠠ ᠶᠢᠨ ᠵᠦᠢᠯ ᠵᠤᠷᠪᠤᠰ ᠢ ᠪᠣᠳᠠᠲᠠᠶ ᠳᠦᠷᠰᠦ ᠲᠠᠢ ᠪᠣᠯᠭᠠᠵᠤ᠂ ᠪᠣᠯᠪᠠᠰᠤᠷᠠᠭᠤᠯᠤᠯ ᠢ ᠲᠠᠷᠢᠬᠢ ᠲᠣᠯᠣᠭᠠᠶ ᠳᠤ ᠬᠠᠳᠠᠩᠰᠢᠭᠤᠯᠤᠭᠰᠠᠨ ᠨᠢᠭᠤᠴᠠ ᠶᠢ ᠬᠠᠮᠠᠭᠠᠯᠠᠬᠤ ᠬᠥᠮᠦᠵᠢᠯ ᠤᠨ ᠬᠢᠴᠢᠶᠡᠯ ᠪᠤᠯᠭᠠᠪᠠ᠃   
微信图片_20250522093135.jpg
    ᠠᠵᠢᠯᠯᠠᠭ᠎ᠠ ᠶᠢᠨ ᠰᠣᠨᠢᠷᠬᠠᠯᠲᠤ ᠴᠢᠨᠠᠷ᠂ ᠬᠠᠷᠢᠯᠴᠠᠨ ᠬᠥᠳᠡᠯᠦᠯᠴᠡᠬᠦ ᠴᠢᠨᠠᠷ ᠪᠠ ᠣᠶᠢᠯᠠᠭᠠᠬᠤ ᠴᠢᠨᠠᠷ ᠢ ᠪᠠᠶᠠᠯᠢᠭᠵᠢᠭᠤᠯᠬᠤ ᠶᠢᠨ ᠲᠥᠯᠥᠭᠡ᠂ ᠬᠤᠰᠢᠭᠤᠨ ᠤ ᠤᠯᠤᠰ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ ᠤᠯᠠᠮᠵᠢᠯᠠᠯᠲᠤ ᠤᠬᠠᠭᠤᠯᠭ᠎ᠠ ᠶᠢᠨ ᠠᠷᠭ᠎ᠠ ᠬᠡᠯᠪᠡᠷᠢ ᠶᠢ ᠡᠪᠳᠡᠵᠦ᠂ ︽ᠤᠯᠠᠮᠵᠢᠯᠠᠯᠲᠤ + ᠣᠲᠣ ᠦᠶ᠎ᠡ︾ ᠶᠢᠨ ᠬᠤᠤᠰ ᠴᠢᠭᠯᠡᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠵᠢᠭᠰᠠᠭᠠᠯ ᠢ ᠰᠢᠨ᠎ᠡ ᠪᠠᠷ ᠪᠠᠶᠢᠭᠤᠯᠵᠤ᠂ ᠨᠢᠭᠤᠴᠠ ᠶᠢ ᠬᠠᠮᠠᠭᠠᠯᠠᠬᠤ ᠮᠡᠳᠡᠯᠭᠡ ᠶᠢᠨ ᠥᠷᠢᠰᠥᠯᠳᠦᠭᠡᠨ᠂ ᠨᠢᠭᠤᠴᠠ ᠶᠢ ᠬᠠᠮᠠᠭᠠᠯᠠᠬᠤ ᠪᠠᠷ ᠵᠢᠷᠤᠭ᠂ ᠨᠢᠭᠤᠴᠠ ᠶᠢ ᠬᠠᠮᠠᠭᠠᠯᠠᠬᠤ ᠤᠯᠠᠮᠵᠢᠯᠠᠯᠲᠤ ᠳᠡᠪᠦᠷ᠎ᠡ ᠲᠠᠯᠪᠢᠬᠤ ᠵᠡᠷᠭᠡ ᠣᠷᠣᠨ ᠪᠦᠰᠡ ᠶᠢ ᠨᠠᠷᠢᠨ ᠨᠢᠮᠪᠠᠶ ᠪᠠᠶᠢᠷᠢᠯᠠᠭᠤᠯᠵᠤ᠂ ᠮᠡᠳᠡᠯᠭᠡ ᠶᠢᠨ ᠥᠷᠢᠰᠥᠯᠳᠦᠭᠡᠨ ᠤ ᠳᠤᠮᠳᠠ ᠢᠳᠡᠪᠬᠢᠲᠡᠶ ᠪᠠᠷ ᠵᠠᠪᠳᠤᠨ ᠬᠠᠷᠢᠭᠤᠯᠵᠤ᠂ ᠰᠡᠳᠬᠢᠬᠦᠶ ᠶᠢᠨ ᠮᠥᠷᠭᠦᠯᠳᠦᠯ ᠤᠨ ᠳᠤᠮᠳᠠ ᠨᠢᠭᠤᠴᠠ ᠶᠢ ᠬᠠᠮᠠᠭᠠᠯᠠᠬᠤ ᠬᠠᠤᠯᠢ ᠲᠣᠭᠲᠠᠭᠠᠯ ᠤᠨ ᠲᠤᠬᠠᠶ ᠣᠶᠢᠯᠠᠭᠠᠯᠲᠠ ᠪᠠᠨ ᠭᠦᠨᠵᠡᠭᠡᠶᠢᠷᠡᠭᠦᠯᠪᠡ︔ ︽ᠨᠢᠭᠤᠴᠠ ᠶᠢ ᠬᠠᠮᠠᠭᠠᠯᠠᠬᠤ ᠳᠤ ᠬᠥᠮᠦᠨ ᠪᠦᠬᠦᠨ ᠬᠠᠷᠢᠭᠤᠴᠠᠯᠭ᠎ᠠ ᠲᠠᠢ ︾ ᠭᠡᠬᠦ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠵᠠᠷᠤᠳ ᠬᠤᠰᠢᠭᠤᠨ ᠳᠤ ᠪᠠᠲᠤ ᠪᠠᠬᠢ ᠨᠢᠭᠤᠴᠠ ᠶᠢ ᠬᠠᠮᠠᠭᠠᠯᠠᠬᠤ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠤᠭᠰᠠᠨ ᠪᠠᠶᠢᠨ᠎ᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号