ᠬᠡᠮᠵᠢᠯᠲᠡ ᠶᠢᠨ ᠦᠢᠯᠡᠴᠢᠯᠡᠭᠡᠨ ᠤ ᠦᠷ᠎ᠡ ᠪᠦᠲᠦᠮᠵᠢ ᠶᠢ ᠴᠢᠩᠭᠠᠳᠬᠠᠵᠤ᠂ ᠣᠯᠠᠨ ᠲᠦᠮᠡᠨ ᠤ ᠬᠡᠮᠵᠢᠯᠲᠡ ᠶᠢᠨ | ᠲᠤᠬᠠᠶ ᠲᠠᠨᠢᠯᠲᠠ ᠶᠢ ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 22 ᠤᠨ ᠡᠳᠦᠷ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 26 ᠳ᠋ᠤᠭᠠᠷ ᠳᠡᠯᠡᠬᠡᠶ ᠶᠢᠨ ᠬᠡᠮᠵᠢᠯᠲᠡ ᠶᠢᠨ ᠡᠳᠦᠷ ᠤᠨ ᠭᠤᠤᠯ ᠰᠡᠳᠦᠪᠲᠦ | ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠠᠬᠤᠢ ᠲᠠᠯᠠᠪᠠᠶ ᠳᠤ᠂ ᠠᠵᠢᠯᠲᠠᠳ | ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠡᠷᠭᠡ | ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠢ ᠬᠠᠪᠰᠤᠷᠤᠨ ᠥᠪᠡᠷ ᠢ ᠪᠠᠨ ᠬᠠᠮᠠᠭᠠᠯᠠᠬᠤ ᠵᠢᠴᠢ ᠡᠷᠬᠡ ᠪᠠᠨ | ᠬᠠᠮᠠᠭᠠᠯᠠᠬᠤ ᠤᠬᠠᠮᠰᠠᠷ ᠢ ᠨᠢ ᠳᠡᠭᠡᠭᠰᠢᠯᠡᠭᠦᠯᠬᠦ ᠶᠢᠨ ᠬᠠᠮᠲᠤ ᠲᠤᠬᠠᠶ ᠶᠢᠨ ᠲᠠᠯᠠᠪᠤᠷ ᠲᠤ ᠬᠤᠳᠠᠯᠳᠤᠭᠠᠨ ᠤ ᠡᠷᠦᠬᠡ ᠶᠢ | ᠵᠢᠯᠣᠭᠤᠳᠤᠨ ᠬᠡᠮᠵᠢᠯᠲᠡ ᠶᠢᠨ ᠪᠠᠭᠠᠵᠢ ᠬᠡᠷᠡᠭᠰᠡᠯ ᠢ ᠵᠢᠷᠤᠮᠵᠢᠭᠤᠯᠤᠨ ᠬᠡᠷᠡᠭᠯᠡᠭᠦᠯᠵᠦ᠂ ᠲᠡᠳᠡᠨ ᠤ ᠭᠤᠤᠯ | ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠬᠡᠮᠵᠢᠯᠲᠡ ᠶᠢᠨ ᠬᠠᠤᠯᠢ | ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠦᠨᠡᠨᠴᠢ ᠢᠲᠡᠭᠡᠮᠵᠢᠲᠡᠶ ᠪᠠᠷ ᠡᠵᠡᠩᠨᠡᠨ᠂ ᠬᠡᠮᠵᠢᠯᠲᠡ ᠪᠠᠷ | ᠠᠷᠠᠳ ᠲᠤ ᠠᠰᠢᠭ ᠬᠦᠷᠲᠡᠭᠡᠵᠦ᠂ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠤᠨ ᠬᠠᠷᠢᠭᠤᠴᠠᠯᠭ᠎ᠠ ᠶᠢ | ᠦᠢᠯᠡᠳᠦᠯᠭᠡᠵᠢᠭᠦᠯᠵᠦ᠂ ᠦᠨᠡᠨᠴᠢ ᠢᠲᠡᠭᠡᠮᠵᠢᠲᠡᠶ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠪᠠ᠃ | | | |