ᠪᠥᠬᠦ ᠬᠤᠰᠢᠭᠤᠨ ᠤ ᠪᠠᠶᠢᠩᠭᠤ ᠲᠣᠬᠢᠶᠠᠯᠳᠤᠬᠤ ᠣᠶ ᠰᠢᠭᠤᠶ ᠪᠠ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ | ᠪᠣᠳᠠᠰ ᠤᠨ ᠲᠥᠷᠥᠯ ᠵᠤᠶᠢᠯ ᠵᠢᠴᠢ ᠲᠠᠷᠬᠠᠯᠲᠠ ᠶᠢᠨ ᠪᠠᠶᠢᠳᠠᠯ ᠢ ᠨᠠᠩ ᠰᠠᠶᠢᠲᠤᠷ ᠡᠵᠡᠮᠰᠢᠵᠦ᠂ ᠣᠶ ᠰᠢᠭᠤᠶ ᠨᠤᠲᠤᠭ | ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠶᠢᠨ ᠲᠥᠯᠥᠭᠡ᠂ 2023 | ᠣᠨ ᠠᠴᠠ ᠡᠬᠢᠯᠡᠨ᠂ ᠵᠠᠷᠤᠳ ᠬᠤᠰᠢᠭᠤᠨ ᠤ ᠣᠶ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ ᠪᠥᠬᠦ | ᠬᠤᠰᠢᠭᠤᠨ ᠤ ᠡᠪᠡᠰᠦᠨ ᠤ ᠦᠷ᠎ᠡ ᠶᠢᠨ ᠥᠯᠢᠭᠡᠷ ᠪᠠ ᠬᠥᠨᠥᠭᠡᠯᠲᠡᠶ ᠠᠮᠢᠳᠤ ᠪᠣᠳᠠᠰ ᠤᠨ ᠦᠯᠢᠭᠡᠷ ᠬᠡᠪ ᠢ | ᠴᠤᠭᠯᠠᠭᠤᠯᠤᠨ ᠡᠮᠬᠢᠯᠡᠵᠦ᠂ ᠤᠷᠭᠤᠮᠠᠯ ᠡᠪᠡᠰᠦᠨ ᠤ ᠦᠷ᠎ᠡ ᠶᠢᠨ ᠦᠯᠢᠭᠡᠷ ᠬᠡᠪ ᠤᠨ ᠲᠠᠰᠤᠭ ᠵᠢᠴᠢ ᠣᠶ | ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠤᠨ ᠥᠯᠢᠭᠡᠷ ᠡᠳ᠋ ᠢ ᠤᠶᠢᠯᠡᠳᠬᠦ ᠵᠢᠴᠢ ᠬᠠᠳᠠᠭᠠᠯᠠᠬᠤ ᠲᠤᠷᠰᠢᠯᠲᠠ ᠶᠢᠨ | ᠲᠠᠰᠤᠭ ᠪᠠᠶᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ᠂ ᠪᠥᠲᠥᠭᠡᠨ ᠪᠠᠶᠢᠭᠤᠯᠤᠯᠲᠠ ᠵᠢᠴᠢ | ᠠᠰᠢᠭᠯᠠᠯᠳᠠ ᠳᠤ ᠬᠦᠴᠦᠲᠡᠶ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠪᠠ᠃ | | | | | ᠤᠷᠭᠤᠮᠠᠯ ᠤᠨ ᠦᠯᠢᠭᠡᠷ ᠬᠡᠪ ᠪᠣᠯ ᠤᠷᠭᠤᠮᠠᠯ ᠤᠨ ᠬᠡᠯᠪᠡᠷᠢ ᠳᠦᠷᠰᠦ ᠶᠢᠨ ᠪᠦᠲᠦᠴᠡ ᠶᠢ ᠲᠠᠨᠢᠬᠤ᠂ | ᠤᠷᠭᠤᠮᠠᠯ ᠢ ᠢᠯᠭᠠᠨ ᠲᠠᠨᠢᠬᠤ ᠭᠤᠣᠯ ᠠᠷᠭ᠎ᠠ ᠮᠠᠶ᠋ᠢᠭ ᠤᠨ ᠨᠢᠭᠡ ᠨᠢ ᠪᠠᠶᠢᠵᠦ᠂ ᠤᠷᠭᠤᠮᠠᠯ ᠢ ᠵᠦᠢ ᠵᠣᠬᠢᠰᠲᠠᠢ | ᠠᠰᠢᠭᠯᠠᠬᠤ ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠳᠤ ᠴᠢᠬᠤᠯᠠ ᠰᠢᠨᠵᠢᠯᠡᠬᠦ | ᠤᠬᠠᠭᠠᠨ ᠤ ᠦᠨᠳᠦᠰᠦᠯᠡᠯ ᠬᠠᠩᠭᠠᠵᠤ ᠴᠢᠳᠠᠨ᠎ᠠ᠃ ᠬᠤᠰᠢᠭᠤᠨ ᠤ ᠣᠶ ᠰᠢᠭᠤᠶ ᠨᠤᠳᠤᠭ ᠪᠡᠯᠴᠢᠭᠡᠷ ᠤᠨ | ᠲᠣᠪᠴᠢᠶ᠎ᠠ ᠶᠢᠨ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠤᠨ ᠥᠯᠢᠭᠡᠷ ᠤᠶᠢᠯᠡᠳᠬᠦ ᠵᠢᠴᠢ ᠬᠠᠳᠠᠭᠠᠯᠠᠬᠤ | ᠲᠤᠷᠰᠢᠯᠲᠠ ᠶᠢᠨ ᠲᠠᠰᠤᠭ ᠲᠤ ᠣᠷᠣᠬᠤ ᠳᠤ᠂ ᠬᠤᠰᠢᠭᠤᠨ ᠤ ᠣᠶ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ ᠶᠢᠨ | ᠣᠶ ᠰᠢᠭᠤᠶ ᠶᠢᠨ ᠮᠡᠷᠭᠡᠵᠢᠯ ᠤᠨ ᠤᠶᠢᠯᠡᠴᠢᠯᠡᠭᠡᠨ ᠤ ᠲᠥᠪ ᠤᠨ ᠮᠡᠷᠭᠡᠵᠢᠯᠲᠡᠨ ᠶᠠᠭ ᠴᠤᠭᠯᠠᠭᠤᠯᠵᠤ ᠢᠷᠡᠭᠰᠡᠨ | ᠴᠠᠷᠠᠰᠤᠨ ᠰᠠᠯᠠᠭ᠎ᠠ ᠳᠠᠬᠢ ᠨᠠᠪᠴᠢᠲᠤ ᠵᠦᠬᠡᠢ ᠶᠢᠨ ᠥᠰᠥᠯᠲᠡ ᠶᠢᠨ ᠪᠠᠶᠢᠳᠠᠯ᠂ ᠪᠠᠶᠢᠭ᠎ᠠ ᠳᠤᠯᠠᠭᠠᠨ ᠤ ᠬᠡᠮᠵᠢᠶ᠎ᠡ | ᠵᠡᠷᠭᠡ ᠶᠢ ᠬᠢᠨᠠᠨ ᠬᠡᠮᠵᠢᠵᠦ ᠪᠠᠶᠢᠨ᠎ᠠ᠃ | | | | | ᠡᠨᠡ ᠪᠣᠯ ᠴᠠᠷᠠᠰᠤᠨ ᠮᠣᠳᠣᠨ ᠤ ᠨᠠᠪᠴᠢᠲᠤ ᠵᠥᠭᠡᠢ ᠪᠠᠶᠢᠵᠤ᠂ ᠣᠶᠢᠷ᠎ᠠ ᠶᠢᠨ ᠬᠤᠶᠠᠷ ᠵᠢᠯ ᠳᠤ ᠮᠠᠨ ᠤ | ᠬᠤᠰᠢᠭᠤᠨ ᠤ ᠬᠤᠶᠢᠲᠤ ᠬᠡᠰᠡᠭ ᠲᠤ ᠨᠡᠯᠢᠶᠡᠳ ᠣᠯᠠᠨ ᠡᠭᠦᠰᠴᠡᠢ᠃ ᠪᠢᠳᠡ ᠨᠢᠭᠡ ᠪᠦᠯᠦᠭ ᠴᠠᠷᠠᠰᠤᠨ ᠰᠠᠯᠠᠭ᠎ᠠ | ᠴᠤᠭᠯᠠᠭᠤᠯᠤᠨ ᠠᠪᠴᠢᠷᠠᠵᠤ᠂ ᠠᠪᠠᠭᠠᠯᠳᠠᠢ ᠶᠢ ᠨᠡᠪᠴᠢᠭᠦᠯᠦᠨ ᠭᠠᠷᠭᠠᠵᠤ ᠳᠡᠶᠢᠯᠬᠦ ᠡᠰᠡᠬᠦ ᠶᠢ ᠠᠵᠢᠭᠯᠠᠵᠤ᠂ ᠬᠡᠵᠢᠶ᠎ᠡ | ᠰᠡᠷᠭᠡᠶᠢᠯᠡᠨ ᠵᠠᠰᠠᠬᠤ ᠶᠢ ᠮᠠᠭᠠᠳᠯᠠᠬᠤ ᠳᠤ ᠳᠥᠭᠦᠮ ᠪᠤᠯᠭᠠᠪᠠ︾ ᠭᠡᠵᠦ ᠬᠤᠰᠢᠭᠤᠨ ᠤ ᠣᠶ ᠰᠢᠭᠤᠶ ᠨᠤᠳᠤᠭ | ᠪᠡᠯᠴᠢᠭᠡᠷ ᠤᠨ ᠲᠣᠪᠴᠢᠶ᠎ᠠ ᠶᠢᠨ ᠣᠶ ᠰᠢᠭᠤᠶ ᠶᠢᠨ ᠮᠡᠷᠭᠡᠵᠢᠯ ᠤᠨ ᠦᠢᠯᠡᠴᠢᠯᠡᠭᠡᠨ ᠤ ᠲᠥᠪ ᠤᠨ ᠠᠵᠢᠯᠲᠠᠨ ᠹᠠᠨ | ᠹᠧᠩ ᠮᠧᠶ ᠲᠠᠨᠢᠯᠴᠠᠭᠤᠯᠪᠠ᠃ | ᠲᠤᠷᠰᠢᠯᠲᠠ ᠶᠢᠨ ᠲᠠᠰᠤᠭ ᠤᠨ ᠨᠥᠭᠦᠭᠡ ᠲᠠᠯ᠎ᠠ ᠶᠢᠨ ᠣᠢ ᠰᠢᠭᠤᠢ ᠶᠢᠨ ᠬᠦᠨᠤᠭᠡᠯᠳᠠᠢ ᠠᠮᠢᠳᠤ ᠪᠣᠳᠠᠰ ᠤᠨ | ᠦᠯᠢᠭᠡᠷ ᠬᠡᠪ ᠢ ᠬᠠᠳᠠᠭᠠᠯᠠᠬᠤ ᠲᠠᠰᠤᠭ ᠲᠤ᠂ 100 ᠭᠠᠷᠤᠢ ᠬᠠᠶᠢᠷᠴᠠᠭ ᠤᠷᠭᠤᠮᠠᠯ ᠤᠨ ᠦᠯᠢᠭᠡᠷ ᠶᠠᠩᠵᠤ ᠶᠢ | ᠠᠳᠠᠯᠢ ᠪᠤᠰᠤ ᠢᠵᠠᠭᠤᠷ ᠢ ᠨᠢ ᠦᠨᠳᠦᠰᠦᠯᠡᠨ ᠳᠡᠯᠭᠡᠨ ᠦᠵᠡᠭᠦᠯᠵᠡᠶ᠃ ᠡᠨᠡ ᠵᠢᠯ ᠠᠴᠠ ᠨᠠᠰᠢ᠂ ᠪᠥᠬᠦ | ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠨᠠᠩ ᠪᠦᠲᠦᠮᠵᠢᠲᠡᠶ ᠲᠠᠨᠢᠵᠤ ᠬᠠᠮᠠᠭᠠᠯᠠᠬᠤ ᠪᠠ | ᠵᠦᠶ ᠵᠣᠬᠢᠰᠲᠠᠶ ᠠᠰᠢᠭᠯᠠᠬᠤ ᠶᠢᠨ ᠲᠥᠯᠥᠭᠡ᠂ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ | ᠮᠡᠷᠭᠡᠵᠢᠯ ᠤᠨ ᠠᠵᠢᠯᠲᠠᠳ ᠢ ᠵᠣᠬᠢᠶᠠᠨ ᠪᠠᠶᠢᠭᠤᠯᠤᠨ ᠪᠥᠬᠦ ᠬᠤᠰᠢᠭᠤᠨ ᠤ ᠣᠶᠢᠲᠤ ᠭᠠᠵᠠᠷ᠂ ᠨᠤᠲᠤᠭ ᠪᠡᠯᠴᠢᠭᠡᠷ | ᠵᠡᠷᠭᠡ ᠡᠯ᠎ᠡ ᠲᠥᠷᠥᠯ ᠤᠨ ᠭᠠᠵᠠᠷ ᠤᠨ ᠭᠠᠳᠠᠷᠭᠤ ᠶᠢᠨ ᠣᠷᠣᠨ ᠪᠦᠰᠡ ᠳᠤ ᠣᠴᠢᠭᠤᠯᠵᠤ ᠴᠤᠭᠯᠠᠭᠤᠯᠬᠤ ᠠᠵᠢᠯ | ᠬᠢᠪᠠ᠃ ᠲᠡᠳᠡ ᠣᠢ ᠰᠢᠭᠤᠶ ᠡᠪᠡᠰᠦ ᠰᠢᠪᠠᠵᠢ ᠶᠢᠨ ᠲᠥᠷᠥᠯ᠂ ᠬᠤᠣᠷᠲᠤ ᠡᠪᠡᠰᠦᠨ ᠤ ᠲᠥᠷᠥᠯ᠂ ᠡᠪᠡᠳᠴᠢᠨ ᠤ | ᠬᠥᠨᠥᠭᠡᠯ ᠤᠨ ᠲᠥᠷᠥᠯ ᠤᠨ ᠦᠯᠢᠭᠡᠷ ᠬᠡᠪ ᠢ ᠴᠠᠭ ᠲᠤᠬᠠᠶ ᠳᠤᠨᠢ ᠴᠤᠭᠯᠠᠭᠤᠯᠪᠠ᠂ ᠪᠠᠷᠢᠵᠤ ᠣᠯᠤᠭᠰᠠᠨ ᠢᠳᠤᠭᠠᠨ | ᠡᠷᠪᠡᠬᠡᠢ ᠶᠢᠨ ᠲᠥᠷᠥᠯ᠂ ᠡᠷᠪᠡᠭᠡᠢ ᠶᠢᠨ ᠲᠥᠷᠥᠯ ᠤᠨ ᠦᠯᠢᠭᠡᠷ ᠬᠡᠪ ᠢ ᠨᠠᠷᠢᠨ ᠨᠢᠮᠪᠠᠶ ᠳᠡᠯᠭᠡᠨ ᠦᠵᠡᠭᠦᠯᠵᠦ᠂ | ᠬᠥᠳᠡᠯᠭᠡᠭᠡᠨ ᠪᠠ ᠬᠡᠯᠪᠡᠷᠢ ᠶᠢ ᠲᠣᠭᠲᠠᠭᠠᠨ ᠰᠢᠢᠳᠪᠦᠷᠢᠯᠡᠵᠦ᠂ ᠬᠤᠶᠢᠰᠢᠳᠠ ᠶᠢᠨ ᠦᠢᠯᠡᠳᠪᠦᠷᠢᠯᠡᠯ ᠢ ᠵᠢᠯᠣᠭᠤᠳᠬᠤ᠂ | ᠰᠢᠨᠵᠢᠯᠡᠬᠦ ᠤᠬᠠᠭᠠᠨ ᠤ ᠰᠤᠳᠤᠯᠭᠠᠨ ᠤ ᠦᠢᠯᠡᠳᠦᠯᠭᠡ ᠬᠢᠬᠦ᠂ ᠠᠮᠢ ᠠᠬᠤᠢ ᠶᠢᠨ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠪᠠ ᠵᠢᠭᠠᠨ ᠰᠤᠷᠭᠠᠬᠤ ᠠᠵᠢᠯᠯᠠᠭ᠎ᠠ ᠬᠢᠬᠦ ᠵᠢᠴᠢ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ | ᠬᠠᠮᠠᠭᠠᠯᠠᠬᠤ ᠵᠡᠷᠭᠡ ᠣᠯᠠᠨ ᠲᠠᠯ᠎ᠠ ᠪᠠᠷ ᠪᠠᠲᠤ ᠪᠠᠬᠢ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠪᠠ᠃ | ᠤᠷᠭᠤᠮᠠᠯ ᠴᠤᠭᠯᠠᠭᠤᠯᠤᠭᠰᠠᠨ ᠨᠠᠷᠢᠨ ᠵᠦᠢᠯᠡᠰ ᠢ ᠲᠡᠮᠳᠡᠭᠯᠡᠵᠦ᠂ ᠵᠢᠱᠢᠶᠡᠯᠡᠪᠡᠯ ᠴᠠᠭ ᠬᠤᠭᠤᠴᠠᠭ᠎ᠠ᠂ ᠭᠠᠵᠠᠷ | ᠣᠷᠣᠨ᠂ ᠠᠭᠤᠷ ᠠᠮᠢᠰᠬᠤᠯ᠂ ᠤᠷᠭᠤᠯᠲᠠ ᠶᠢᠨ ᠣᠷᠴᠢᠨ ᠲᠣᠭᠤᠷᠢᠨ ᠵᠡᠷᠭᠡ ᠨᠢ ᠲᠡᠭᠦᠨ ᠤ ᠠᠮᠢᠳᠤ ᠪᠣᠳᠠᠰ ᠤᠨ | ᠣᠨᠴᠠᠯᠢᠭ ᠢ ᠣᠶᠢᠯᠠᠭᠠᠬᠤ ᠪᠠ ᠰᠡᠷᠭᠡᠶᠢᠯᠡᠨ ᠵᠠᠰᠠᠬᠤ ᠴᠠᠭ ᠲᠣᠬᠢᠶᠠᠯ ᠢ ᠣᠶᠢᠯᠠᠭᠠᠵᠤ᠂ ᠣᠶ ᠰᠢᠭᠤᠶ ᠶᠢᠨ | ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠳᠤ ᠠᠰᠢᠭᠲᠠᠶ ᠶᠤᠮ᠃ | ᠡᠭᠦᠨ ᠠᠴᠠ ᠭᠠᠳᠠᠨ᠎ᠠ᠂ ᠲᠤᠰ ᠲᠤᠷᠰᠢᠯᠲᠠ ᠶᠢᠨ ᠲᠠᠰᠤᠭ ᠪᠠ ᠦᠯᠢᠭᠡᠷ ᠬᠡᠪ ᠤᠨ ᠲᠠᠰᠤᠭ ᠢ ᠪᠠᠶᠢᠭᠤᠯᠤᠨ | ᠲᠡᠭᠦᠯᠳᠡᠷᠵᠢᠭᠦᠯᠵᠦ᠂ ᠣᠶ ᠰᠢᠭᠤᠶ ᠶᠢᠨ ᠬᠢᠨᠠᠨ ᠬᠡᠮᠵᠢᠯᠲᠡ ᠪᠠ ᠰᠡᠷᠭᠡᠶᠢᠯᠡᠨ ᠵᠠᠰᠠᠬᠤ ᠠᠵᠢᠯ ᠤᠨ ᠰᠢᠨᠵᠢᠯᠡᠬᠦ | ᠤᠬᠠᠭᠠᠨᠴᠢ ᠴᠢᠨᠠᠷ ᠪᠠ ᠣᠨᠣᠪᠴᠢᠲᠤ ᠴᠢᠨᠠᠷ ᠢ ᠤᠯᠠᠮ ᠨᠢᠭᠡ ᠠᠯᠬᠤᠮ ᠨᠡᠮᠡᠭᠳᠡᠭᠦᠯᠦᠭᠰᠡᠨ ᠪᠠᠶᠢᠨ᠎ᠠ᠃ | ᠣᠶᠢᠯᠠᠭᠠᠭᠰᠠᠨ ᠢᠶᠠᠷ᠂ ᠪᠥᠬᠦ ᠬᠤᠰᠢᠭᠤᠨ ᠤ ᠬᠡᠭᠡᠷ᠎ᠡ ᠶᠢᠨ ᠤᠷᠭᠤᠮᠠᠯ ᠪᠠᠷᠤᠭ 800 ᠭᠠᠷᠤᠶ ᠲᠥᠷᠥᠯ ᠪᠠᠶᠢᠨ᠎ᠠ᠂ | ᠡᠭᠦᠨ ᠳᠤ ᠦᠷᠭᠦᠯᠵᠢ ᠲᠣᠬᠢᠶᠠᠯᠳᠤᠳᠠᠭ ᠬᠡᠷ ᠤᠨ ᠲᠡᠵᠢᠭᠡᠪᠦᠷᠢ ᠶᠢᠨ ᠪᠣᠷᠳᠤᠭ᠎ᠠ ᠡᠪᠡᠰᠤ 500 ᠭᠠᠷᠤᠶ ᠲᠥᠷᠥᠯ | ᠪᠠᠶᠢᠨ᠎ᠠ᠃ ᠣᠲᠣ ᠪᠣᠯᠲᠠᠯ᠎ᠠ᠂ ᠨᠡᠶᠢᠲᠡ 340 ᠵᠤᠶᠢᠯ᠂ 680 ᠬᠤᠪᠢ ᠤᠷᠭᠤᠮᠠᠯ ᠤᠨ ᠵᠠᠭᠪᠤᠷ ᠢ ᠴᠤᠭᠯᠠᠭᠤᠯᠤᠨ | ᠦᠢᠯᠡᠳᠴᠦ᠂ ᠡᠭᠦᠨ ᠳᠤ ᠬᠤᠤᠷ ᠬᠥᠨᠥᠭᠡᠯ ᠲᠠᠢ ᠤᠷᠭᠤᠮᠠᠯ 45 ᠵᠤᠶᠢᠯ ᠪᠠᠶᠢᠨ᠎ᠠ᠃ | ︽ᠪᠢᠳᠡ ᠶᠠᠭ ᠪᠥᠬᠦ ᠬᠤᠰᠢᠭᠤᠨ ᠤ ᠰᠡᠷᠭᠡᠶᠢᠯᠡᠨ ᠵᠠᠰᠠᠬᠤ ᠤᠷᠭᠤᠮᠠᠯ ᠢ ᠪᠥᠬᠦ ᠲᠠᠯ᠎ᠠ ᠪᠠᠷ ᠴᠤᠭᠯᠠᠭᠤᠯᠵᠤ᠂ | ᠲᠣᠬᠢᠲᠠᠶ ᠬᠠᠳᠠᠭᠠᠯᠠᠵᠤ ᠪᠠᠶᠢᠨ᠎ᠠ᠃ ᠡᠳᠡᠭᠡᠷ ᠤᠷᠭᠤᠮᠠᠯ ᠢ ᠤᠯᠠᠨ ᠶᠠᠩᠵᠤᠳᠤ ᠴᠢᠨᠠᠷ᠂ ᠬᠠᠮᠠᠭᠠᠯᠠᠬᠤ ᠪᠠ ᠠᠰᠢᠭᠯᠠᠬᠤ | ᠦᠷᠳᠡᠭ ᠢ ᠦᠨᠳᠦᠰᠦᠯᠡᠨ ᠲᠦᠷᠦᠯ ᠬᠤᠪᠢᠶᠠᠨ ᠲᠠᠩᠰᠠ ᠡᠪᠬᠡᠮᠡᠯ ᠳᠤ ᠣᠷᠣᠭᠤᠯᠵᠤ᠂ ᠵᠠᠭᠪᠤᠷ ᠤᠨ ᠬᠡᠯᠪᠡᠷᠢ ᠪᠠᠷ | ᠬᠠᠳᠠᠭᠠᠯᠠᠵᠤ᠂ ᠵᠠᠯᠭᠠᠮᠵᠢ ᠰᠤᠳᠤᠯᠭᠠᠨ᠂ ᠲᠥᠯᠥᠪᠵᠢᠭᠦᠯᠭᠡ᠂ ᠠᠰᠢᠭᠯᠠᠯᠲᠠ ᠪᠠ ᠬᠠᠮᠠᠭᠠᠯᠠᠯᠲᠠ ᠳᠤ ᠰᠢᠨᠵᠢᠯᠡᠬᠦ | ᠤᠬᠠᠭᠠᠨᠴᠢ ᠦᠨᠳᠦᠰᠦᠯᠡᠯ ᠬᠠᠩᠭᠠᠨ᠎ᠠ︾ ᠭᠡᠵᠦ ᠬᠤᠰᠢᠭᠤᠨ ᠤ ᠨᠤᠲᠤᠭ ᠪᠡᠯᠴᠢᠭᠡᠷ ᠤᠨ ᠮᠡᠷᠭᠡᠵᠢᠯ ᠤᠨ | ᠦᠢᠯᠡᠴᠢᠯᠡᠭᠡᠨ ᠤ ᠲᠥᠪ ᠤᠨ ᠳᠡᠭᠡᠳᠦ ᠵᠡᠷᠭᠡ ᠶᠢᠨ ᠢᠨᠵᠧᠨᠧᠷ ᠲᠤᠩ ᠶᠢᠨ ᠴᠢᠤᠸᠠᠨ ᠬᠡᠯᠡᠪᠡ᠃ | | | | | ᠣᠶᠢᠷ᠎ᠠ ᠶᠢᠨ ᠵᠢᠯ ᠠᠴᠠ ᠨᠠᠰᠢ᠂ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ︽ | ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠬᠤ᠂ ᠬᠠᠤᠯᠢ | ᠶᠣᠰᠣᠭᠠᠷ ᠬᠢᠨᠠᠨ ᠬᠠᠮᠢᠶᠠᠷᠬᠤ᠂ ᠬᠠᠷᠢᠭᠤᠴᠠᠯᠭ᠎ᠠ ᠪᠠᠨ ᠴᠢᠩᠭᠠᠳᠬᠠᠬᠤ︾ ᠴᠢᠭᠯᠡᠯᠲᠡ ᠶᠢ ᠨᠠᠷᠢᠨ ᠬᠢᠨᠠᠮᠠᠭᠠᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ᠂ | ᠭᠠᠮᠰᠢᠭ ᠤᠨ ᠬᠤᠬᠢᠷᠠᠯ ᠢ ᠪᠠᠭᠠᠰᠬᠠᠬᠤ ᠪᠠᠷ ᠬᠠᠷᠠᠯᠲᠠ ᠪᠣᠯᠭᠠᠵᠤ᠂ ᠬᠤᠰᠢᠭᠤᠨ ᠤ ᠣᠷᠣᠨ ᠪᠦᠰᠡ ᠶᠢᠨ ᠬᠠᠮᠵᠢᠯᠴᠠᠨ | ᠰᠡᠷᠭᠡᠶᠢᠯᠡᠨ ᠵᠠᠰᠠᠬᠤ ᠪᠠᠷ ᠠᠷᠭ᠎ᠠ ᠪᠠᠷᠢᠯ ᠪᠣᠯᠭᠠᠵᠤ᠂ ᠵᠠᠰᠠᠭ ᠤᠨ ᠣᠷᠳᠣᠨ ᠠᠴᠠ ᠠᠬᠢᠭᠤᠯᠬᠤ᠂ ᠰᠠᠯᠠᠭ᠎ᠠ | ᠮᠥᠴᠢᠷ ᠤᠨ ᠠᠵᠢᠯᠯᠠᠭ᠎ᠠ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠲᠥᠷᠥᠯ ᠵᠦᠢᠯ ᠢᠶᠠᠷ ᠳᠡᠮᠵᠢᠬᠦ᠂ ᠬᠠᠷᠢᠯᠴᠠᠨ | ᠨᠥᠬᠦᠪᠥᠷᠢᠯᠡᠵᠦ ᠬᠠᠷᠢᠯᠴᠠᠨ ᠬᠠᠪᠰᠤᠷᠤᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠰᠢᠭᠤᠨ ᠤ | ᠰᠡᠷᠭᠡᠶᠢᠯᠡᠨ ᠵᠠᠰᠠᠬᠤ ᠬᠤᠯᠪᠣᠭᠠᠯᠠᠨ ᠵᠠᠰᠠᠬᠤ ᠲᠣᠭᠲᠠᠴᠠ ᠶᠢ ᠪᠠᠶᠢᠭᠤᠯᠵᠤ᠂ ᠬᠥᠨᠥᠭᠡᠯᠲᠡᠶ ᠠᠮᠢᠳᠤ ᠪᠣᠳᠠᠰ ᠢ | ᠬᠠᠮᠲᠤᠷᠠᠨ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ᠂ ᠨᠢᠭᠡᠳᠦᠯᠲᠡᠶ ᠰᠡᠷᠭᠡᠶᠢᠯᠡᠨ ᠵᠠᠰᠠᠬᠤ ᠵᠡᠷᠭᠡ ᠠᠵᠢᠯᠯᠠᠭ᠎ᠠ ᠶᠢ | ᠰᠢᠨᠵᠢᠯᠡᠬᠦ ᠤᠬᠠᠭᠠᠨᠴᠢ ᠪᠠᠷ ᠥᠷᠨᠢᠭᠦᠯᠪᠡ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ | ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠠᠷᠴᠢᠮ ᠢ | ᠪᠠᠷᠢᠮᠲᠠᠯᠠᠨ᠂ ᠣᠶ ᠰᠢᠭᠤᠶ ᠶᠢᠨ ᠬᠦᠨᠳᠦ ᠶᠡᠭᠡ ᠬᠥᠨᠥᠭᠡᠯ ᠲᠠᠢ ᠠᠮᠢᠳᠤ ᠪᠣᠳᠠᠰ ᠤᠨ ᠲᠠᠷᠬᠠᠬᠤ ᠪᠠ ᠭᠡᠨᠡᠳᠲᠡ | ᠡᠭᠦᠰᠬᠦ ᠬᠥᠨᠥᠭᠡᠯ ᠢ ᠴᠢᠩᠭ᠎ᠠ ᠰᠡᠷᠭᠡᠶᠢᠯᠡᠨ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ | ᠲᠦᠪᠰᠢᠨ ᠪᠠ ᠠᠮᠢ ᠠᠬᠤᠶ ᠶᠢᠨ ᠠᠮᠤᠷ ᠲᠦᠪᠰᠢᠨ ᠢ ᠪᠠᠳᠤᠯᠠᠵᠦ ᠪᠠᠶᠢᠨ᠎ᠠ᠃ ᠣᠳᠣᠬᠠᠨ ᠳᠤ᠂ ᠪᠥᠬᠦ | ᠬᠤᠰᠢᠭᠤᠨ ᠳᠤ ᠨᠡᠶᠢᠲᠡ 7 ᠵᠤᠷᠪᠤᠰ ᠲᠣᠭᠤᠷᠢᠨ ᠪᠠᠶᠢᠴᠠᠭᠠᠬᠤ ᠱᠤᠭᠤᠮ ᠭᠠᠷᠭᠠᠵᠤ᠂ 7 ᠬᠢᠨᠠᠨ ᠬᠡᠮᠵᠢᠬᠦ | ᠡᠩᠨᠡᠭᠡ ᠶᠢ ᠵᠣᠬᠢᠶᠠᠨ ᠪᠠᠶᠢᠭᠤᠯᠵᠤ᠂ ᠲᠣᠭᠤᠷᠢᠨ ᠪᠠᠶᠢᠴᠠᠭᠠᠬᠤ ᠪᠦᠷᠬᠦᠴᠡ ᠶᠢᠨ ᠨᠣᠷᠮ᠎ᠠ ᠶᠢ 95% ᠠᠴᠠ | ᠳᠡᠭᠡᠭᠰᠢ ᠳᠤ ᠬᠦᠷᠭᠡᠪᠡ᠃ | ᠬᠤᠰᠢᠭᠤᠨ ᠤ ᠣᠶ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ ᠵᠠᠩ ᠳ᠋ᠢ ᠠᠴᠠ᠂ | ᠵᠠᠯᠭᠠᠭᠠᠳ ᠪᠢᠳᠡ ᠳᠡᠭᠡᠳᠦ ᠱᠠᠲᠤᠨ ᠤ ᠵᠢᠭᠠᠪᠤᠷᠢ ᠶᠢ ᠦᠨᠳᠦᠰᠦᠯᠡᠨ᠂ ᠣᠶ ᠰᠢᠭᠤᠶ ᠶᠢᠨ ᠬᠥᠨᠥᠭᠡᠯᠲᠡᠶ ᠠᠮᠢᠳᠤ | ᠪᠣᠳᠠᠰ ᠢ ᠬᠢᠨᠠᠨ ᠬᠡᠮᠵᠢᠵᠦ ᠬᠢᠵᠢᠭ ᠪᠠᠶᠢᠴᠠᠭᠠᠵᠤ ᠰᠡᠷᠭᠡᠶᠢᠯᠡᠨ ᠵᠠᠰᠠᠬᠤ ᠠᠵᠢᠯ ᠢ ᠲᠦᠷᠭᠡᠳᠬᠡᠨ ᠲᠡᠭᠦᠯᠳᠡᠷᠵᠢᠭᠦᠯᠵᠦ᠂ | ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠪᠠ ᠪᠠᠲᠤᠯᠠᠭ᠎ᠠ ᠶᠢ ᠴᠢᠩᠭᠠᠳᠬᠠᠨ᠂ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠴᠢᠩᠭᠠᠳᠬᠠᠵᠤ᠂ ᠠᠮᠢ ᠠᠬᠤᠶ ᠶᠢᠨ ᠵᠠᠰᠠᠯᠲᠠ ᠶᠢ ᠬᠡᠷᠡᠭᠵᠢᠭᠦᠯᠦᠨ᠂ ᠠᠮᠢᠲᠠᠨ ᠤᠷᠭᠤᠮᠠᠯ | ᠴᠤᠭᠯᠠᠭᠤᠯᠬᠤ ᠡᠷᠬᠡ ᠶᠢ ᠬᠠᠮᠠᠭᠠᠯᠠᠵᠤ᠂ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠶ ᠶᠢᠨ ᠠᠮᠤᠷ ᠲᠦᠪᠰᠢᠨ ᠤ | ᠬᠠᠯᠬᠠᠪᠴᠢ ᠶᠢ ᠴᠢᠩᠭᠠᠳᠬᠠᠬᠤ ᠳᠤ ᠬᠦᠴᠦᠨ ᠨᠡᠮᠡᠷᠢᠯᠡᠨ᠎ᠡ ᠭᠡᠵᠦ ᠢᠯᠡᠷᠬᠡᠶᠢᠯᠡᠵᠡᠢ᠃ | |