ᠳᠡᠳ᠋ ᠬᠤᠰᠢᠭᠤᠨ ᠳᠠᠷᠤᠭ᠎ᠠ ᠵᠠᠩ ᠯᠢ ᠭᠦᠸᠧ ᠵᠠᠷᠤᠳ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/5/26
    ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠰᠤᠷᠭᠠᠭᠤᠯᠢ ᠶᠢᠨ ᠬᠦᠷᠢᠶᠡᠨ ᠤ ᠬᠥᠮᠦᠨ ᠬᠥᠮᠦᠵᠢᠭᠦᠯᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠲᠥᠯᠥᠭᠡ᠂ 2025 ᠣᠨ ᠤ 5 ᠰᠠᠷ᠎ᠠ ᠶᠢᠨ 22  ᠤᠨ ᠡᠳᠦᠷ᠂ ᠳᠡᠳ᠋ ᠬᠤᠰᠢᠭᠤᠨ ᠳᠠᠷᠤᠭ᠎ᠠ ᠵᠠᠩ ᠯᠢ ᠭᠦᠸᠧ ᠵᠠᠷᠤᠳ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠳᠤ ᠬᠦᠷᠴᠦ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠵᠦ᠂ ᠭᠤᠮ ᠲᠠᠯᠠᠪᠠᠶ ᠶᠢᠨ ᠪᠥᠲᠥᠭᠡᠨ ᠪᠠᠶᠢᠭᠤᠯᠤᠯᠲᠠ᠂ ᠬᠡᠷ ᠤᠨ ᠭᠠᠳᠠᠨᠠᠬᠢ ᠤᠰᠤ ᠪᠠᠷ ᠵᠠᠶᠢᠯᠬᠤ ᠵᠣᠷᠯᠣᠩ ᠤᠨ ᠭᠠᠵᠠᠷ ᠰᠣᠩᠭᠤᠬᠤ ᠵᠡᠷᠭᠡ ᠠᠷᠠᠳ ᠤᠨ ᠠᠮᠢᠳᠤᠷᠠᠯ ᠤᠨ ᠢᠨᠵᠧᠨᠧᠷᠢᠩ ᠢᠶᠠᠷ ᠭᠤᠤᠯᠳᠠᠭᠤᠯᠤᠨ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠰᠤᠷᠭᠠᠭᠤᠯᠢ ᠶᠢᠨ ᠴᠢᠨᠠᠷ ᠰᠠᠶᠢᠲᠠᠶ ᠬᠥᠭᠵᠢᠯᠲᠡ ᠳᠤ  ᠤᠨᠤᠴᠠᠲᠠᠢ ᠴᠢᠭᠯᠡᠯ ᠢ ᠲᠣᠭᠲᠠᠭᠠᠪᠠ᠃ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶᠠᠨ ᠤ ᠳᠠᠷᠤᠭ᠎ᠠ ᠪᠦᠦ ᠯᠢ ᠵᠢᠶᠦ᠋ᠨ᠂ ᠳᠡᠳ᠋ ᠲᠣᠪᠴᠢᠶᠠᠨ ᠳᠠᠷᠤᠭ᠎ᠠ ᠺᠦᠩ ᠯᠢᠩ ᠭᠦᠸᠧ᠂ ᠵᠠᠷᠤᠳ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠨᠠᠮ ᠤᠨ ᠶᠡᠷᠦᠩᠬᠡᠶ ᠡᠭᠦᠷ ᠤᠨ ᠱᠦᠵᠢ ᠵᠣᠣ ᠯᠢ ᠮᠧᠶ ᠤᠳᠤᠷᠢᠳᠬᠤ ᠪᠠᠭ ᠲᠠᠢ ᠪᠠᠨ ᠬᠠᠮᠲᠤ ᠪᠠᠶᠢᠴᠠᠭᠠᠨ ᠰᠤᠳᠤᠯᠤᠯᠲᠠ ᠬᠢᠪᠠ᠃     ᠪᠠᠶᠢᠴᠠᠭᠠᠨ ᠰᠤᠳᠤᠯᠬᠤ ᠳᠤᠭᠤᠶᠢᠯᠠᠩ ᠬᠢᠨ ᠡᠩ ᠲᠡᠷᠢᠭᠦᠨ ᠳᠤ ᠰᠤᠷᠭᠠᠭᠤᠯᠢ ᠶᠢᠨ ᠲᠠᠮᠢᠷ ᠤᠨ ᠲᠠᠯᠠᠪᠤᠷ ᠤᠨ ᠲᠥᠯᠥᠪᠵᠢᠭᠦᠯᠭᠡ ᠶᠢᠨ ᠣᠷᠣᠨ ᠪᠦᠰᠡ ᠳᠤ ᠬᠦᠷᠴᠦ᠂ ᠳᠡᠳ᠋ ᠬᠤᠰᠢᠭᠤᠨ ᠳᠠᠷᠤᠭ᠎ᠠ ᠵᠠᠩ ᠯᠢ ᠭᠦᠸᠧ ᠭᠤᠮ ᠲᠠᠯᠠᠪᠤᠷ ᠤᠨ ᠵᠢᠷᠤᠭ ᠲᠥᠯᠥᠪᠯᠡᠭᠡ ᠶᠢᠨ ᠲᠥᠰᠦᠯ ᠢ ᠨᠠᠷᠢᠨ ᠠᠰᠠᠭᠤᠨ ᠯᠠᠪᠯᠠᠭᠰᠠᠨ ᠤ ᠬᠠᠮᠲᠤ᠂ ᠭᠤᠮ ᠲᠠᠯᠠᠪᠤᠷ ᠤᠨ ᠵᠢᠷᠤᠭ ᠲᠥᠯᠥᠪᠯᠡᠭᠡ ᠨᠢ ᠪᠠᠷᠢᠮᠵᠢᠶᠠᠵᠢᠭᠤᠯᠤᠭᠰᠠᠨ ᠵᠢᠭᠠᠨ ᠰᠤᠷᠭᠠᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠪᠠᠷᠠᠬᠤ ᠥᠬᠡᠶ ᠪᠠᠰᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠣᠭᠤᠮᠲᠠ ᠶᠢ ᠴᠢᠩᠭ᠎ᠠ ᠰᠠᠬᠢᠵᠤ᠂ ᠴᠢᠨᠠᠷᠯᠢᠭ ᠮᠥᠷᠲᠡᠭᠡᠨ ᠳᠠᠭᠠᠯᠠᠮᠵᠢᠲᠠᠢ ᠪᠡᠶ᠎ᠡ ᠲᠠᠮᠢᠷ ᠤᠨ ᠦᠩᠭᠡᠷᠡᠯᠲᠡ ᠬᠠᠩᠭᠠᠬᠤ ᠶᠢᠨ ᠳᠠᠭᠠᠤ ᠪᠠᠰᠠ ᠠᠮᠤᠷ ᠲᠦᠪᠰᠢᠨ ᠡᠷᠡᠭᠦᠯ ᠮᠡᠨᠳᠦ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠳᠠᠷᠠᠭ᠎ᠠ ᠨᠢ᠂ ᠪᠠᠶᠢᠴᠠᠭᠠᠨ ᠰᠤᠳᠤᠯᠬᠤ ᠳᠤᠭᠤᠶᠢᠯᠠᠩ ᠬᠢᠨ ᠬᠡᠷ ᠤᠨ ᠭᠠᠳᠠᠨᠠᠬᠢ ᠤᠰᠤ ᠪᠠᠷ ᠵᠠᠶᠢᠯᠬᠤ ᠵᠣᠷᠯᠣᠩ ᠤᠨ ᠭᠠᠵᠠᠷ ᠰᠣᠩᠭᠤᠬᠤ ᠴᠡᠭ ᠲᠤ ᠬᠦᠷᠴᠡᠶ᠃ ᠵᠠᠷᠢᠮ ᠬᠡᠷ ᠤᠨ ᠠᠬᠠᠮᠠᠳ ᠤᠨ ᠲᠤᠰᠬᠠᠭᠰᠠᠨ ᠬᠡᠷ ᠳᠣᠲᠣᠷᠠᠬᠢ ᠵᠣᠷᠯᠣᠩ ᠤᠨ ᠣᠷᠣᠨ ᠪᠠᠶᠢᠷᠢ ᠬᠦᠷᠦᠯᠴᠡᠬᠦ ᠥᠬᠡᠶ᠂ ᠰᠣᠷᠣᠭᠴᠢ ᠵᠣᠷᠯᠣᠩ ᠳᠤ ᠣᠷᠣᠬᠤ ᠳᠤ ᠬᠦᠴᠢᠷᠲᠡᠶ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠵᠠᠩ ᠯᠢ ᠭᠦᠸᠧ ᠵᠣᠷᠯᠣᠩ ᠤᠨ ᠵᠢᠷᠤᠭ ᠲᠥᠯᠥᠪᠯᠡᠭᠡ ᠨᠢ ᠰᠤᠷᠭᠠᠭᠤᠯᠢ ᠶᠢᠨ ᠬᠦᠷᠢᠶᠡᠨ ᠤ ᠰᠠᠭᠤᠷᠢ ᠪᠥᠲᠥᠭᠡᠨ ᠪᠠᠶᠢᠭᠤᠯᠤᠯᠲᠠ ᠶᠢᠨ ᠨᠢᠭᠡᠳᠦᠯᠲᠡᠶ ᠴᠢᠨᠠᠷ᠂ ᠪᠦᠬᠦᠯᠢ ᠴᠣᠭᠴᠠᠲᠤ ᠴᠢᠨᠠᠷ᠂ ᠣᠷᠳᠣ ᠬᠤᠭᠤᠴᠠᠭᠠᠲᠤ ᠴᠢᠨᠠᠷ᠂ ᠬᠡᠷᠡᠭᠯᠡᠭᠡᠨ ᠤ ᠴᠢᠨᠠᠷ ᠤᠨ ᠣᠨᠣᠯᠵᠢᠬᠤᠨ ᠢ ᠵᠢᠷᠤᠮᠯᠠᠵᠤ᠂ ᠠᠷᠠᠳ ᠤᠨ ᠠᠮᠢᠳᠤᠷᠠᠯ ᠤᠨ ᠢᠨᠵᠧᠨᠧᠷᠢᠩ ᠢ ᠦᠨᠡᠨ ᠬᠦ ᠰᠡᠳᠬᠢᠯ ᠢ ᠳᠤᠯᠠᠭᠠᠴᠠᠭᠤᠯᠬᠤ ᠢᠨᠵᠧᠨᠧᠷᠢᠩ ᠪᠣᠯᠭᠠᠨ ᠪᠥᠲᠥᠭᠡᠨ ᠪᠠᠶᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠰᠤᠷᠭᠠᠭᠤᠯᠢ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠮᠠᠨ ᠤ ᠰᠤᠷᠭᠠᠭᠤᠯᠢ ᠶᠢᠨ ᠤᠳᠤᠷᠢᠳᠤᠯᠭ᠎ᠠ ᠵᠣᠷᠯᠣᠩ ᠤᠨ ᠤᠷᠢᠳᠴᠢᠯᠠᠨ ᠰᠣᠩᠭᠤᠬᠤ ᠭᠠᠵᠠᠷ ᠤᠨ ᠲᠥᠰᠦᠯ᠂ ᠰᠤᠷᠭᠠᠭᠤᠯᠢ ᠶᠢᠨ ᠲᠠᠮᠢᠷ ᠤᠨ ᠲᠠᠯᠠᠪᠤᠷ ᠬᠦᠷᠦᠯᠴᠡᠬᠦ ᠥᠬᠡᠶ᠂ ᠴᠢᠳᠠᠮᠵᠢ ᠶᠢᠨ ᠬᠥᠮᠥᠷᠭᠡ ᠲᠠᠰᠤᠭ ᠤᠨ ᠲᠣᠬᠢᠷᠠᠭᠤᠯᠤᠯᠲᠠ ᠬᠦᠷᠦᠯᠴᠡᠬᠦ ᠥᠬᠡᠶ ᠵᠡᠷᠭᠡ ᠬᠦᠴᠢᠷᠳᠡᠯ ᠳᠤ ᠴᠢᠭᠯᠡᠭᠦᠯᠦᠨ ᠪᠠᠶᠢᠴᠠᠭᠠᠨ ᠰᠤᠳᠤᠯᠬᠤ ᠳᠤᠭᠤᠶᠢᠯᠠᠩ ᠳᠤ ᠬᠠᠷᠢᠭᠤ ᠮᠡᠳᠡᠭᠦᠯᠦᠯᠲᠡ ᠬᠢᠪᠠ᠃ ᠪᠠᠶᠢᠴᠠᠭᠠᠨ ᠰᠤᠳᠤᠯᠤᠯᠲᠠ ᠶᠢᠨ ᠳᠤᠮᠳᠠ ᠲᠤᠰᠬᠠᠭᠰᠠᠨ ᠪᠣᠳᠠᠲᠠᠶ ᠠᠰᠠᠭᠤᠳᠠᠯ ᠳᠤ ᠴᠢᠭᠯᠡᠭᠦᠯᠦᠨ᠂ ᠳᠡᠳ᠋ ᠬᠤᠰᠢᠭᠤᠨ ᠳᠠᠷᠤᠭ᠎ᠠ ᠵᠠᠩ ᠯᠢ ᠭᠦᠸᠧ  ᠠᠬᠤᠢ ᠲᠠᠯᠠᠪᠠᠶ ᠳᠤ ᠠᠵᠢᠯᠯᠠᠵᠤ᠂ ᠰᠤᠷᠭᠠᠨ ᠬᠥᠮᠦᠵᠢᠯ ᠤᠨ ᠲᠣᠪᠴᠢᠶ᠎ᠠ ᠲᠦᠷᠦᠭᠦᠯᠡᠨ ︽ᠨᠢᠭᠡ ᠰᠤᠷᠭᠠᠭᠤᠯᠢ ᠳᠤ ᠨᠢᠭᠡ ᠠᠷᠭ᠎ᠠ ᠠᠪᠴᠢᠯ ᠲᠠᠢ ᠪᠠᠶᠢᠯᠭᠠᠬᠤ︾ ᠲᠥᠷᠥᠯ ᠵᠦᠢᠯ ᠢ ᠠᠬᠢᠭᠤᠯᠬᠤ ᠬᠦᠰᠦᠨᠦᠭᠲᠦ ᠶᠢ ᠪᠠᠶᠢᠭᠤᠯᠵᠤ᠂ ᠲᠥᠷᠥᠯ ᠵᠦᠢᠯ ᠤᠨ ᠰᠢᠨᠵᠢ ᠴᠢᠨᠠᠷ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠰᠤᠷᠭᠠᠨ ᠬᠥᠮᠦᠵᠢᠯ ᠤᠨ ᠦᠨᠳᠦᠰᠦᠨ ᠪᠥᠲᠥᠭᠡᠨ ᠪᠠᠶᠢᠭᠤᠯᠤᠯᠲᠠ ᠶᠢᠨ  ᠳᠣᠲᠠᠭᠳᠠᠯ ᠢ ᠲᠦᠷᠭᠡᠬᠡᠨ ᠰᠢᠢᠳᠪᠦᠷᠢᠯᠡᠵᠦ᠂ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠬᠥᠭᠵᠢᠯᠲᠡ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃    ᠵᠠᠯᠭᠠᠭᠠᠳ ᠬᠢᠭᠰᠡᠨ ᠰᠠᠭᠤᠳᠠᠯ ᠤᠨ ᠬᠤᠷᠠᠯ ᠳᠡᠭᠡᠷ᠎ᠡ᠂ ᠵᠠᠩ ᠯᠢ ᠭᠦᠸᠧ ᠳᠡᠳ᠋ ᠬᠤᠰᠢᠭᠤᠨ ᠳᠠᠷᠤᠭ᠎ᠠ ᠰᠤᠷᠭᠠᠭᠤᠯᠢ ᠶᠢᠨ ᠤᠳᠤᠷᠢᠳᠬᠤ ᠪᠠᠭ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠄  ᠪᠡᠶᠡᠲᠦ ᠲᠣᠨᠤᠭ ᠢ ᠲᠠᠰ ᠳᠡᠪᠰᠢᠭᠦᠯᠬᠦ ᠪᠣᠯ ᠰᠠᠭᠤᠷᠢ ᠮᠥᠨ᠂ ᠶᠠᠰᠤ ᠴᠢᠨᠠᠷ ᠢ ᠳᠡᠭᠡᠭᠰᠢᠯᠡᠭᠦᠯᠬᠦ ᠪᠣᠯ ᠰᠠᠶ᠋ᠢ ᠭᠤᠤᠯᠳᠠᠯᠭ᠎ᠠ ᠮᠥᠨ᠃ ᠰᠤᠷᠭᠠᠭᠤᠯᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠪᠠ ᠠᠮᠢᠨ ᠰᠤᠳᠠᠰᠤ ᠶᠢ ᠪᠠᠲᠤ ᠠᠳᠬᠤᠬᠤ ᠬᠡᠷᠡᠭᠲᠡᠶ᠃ ᠲᠡᠷᠡ ᠭᠤᠷᠪᠠᠨ ᠱᠠᠭᠠᠷᠳᠠᠯᠭ᠎ᠠ ᠳᠤᠷᠠᠳᠪᠠ᠄ ᠨᠢᠭᠡ ᠳᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠴᠢᠷᠮᠠᠶᠢᠨ ᠳᠡᠭᠡᠭᠰᠢᠯᠡᠭᠦᠯᠵᠦ᠂ ᠰᠤᠷᠭᠠᠭᠤᠯᠢ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠴᠢᠩᠭᠠᠳᠬᠠᠵᠤ᠂ ᠳᠠᠭᠠᠭᠤᠯᠤᠭᠴᠢ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠬᠡᠷᠡᠭᠲᠡᠶ︔ ᠬᠤᠶᠠᠷ ᠲᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ ᠂ ᠳᠣᠲᠣᠭᠠᠳᠤ ᠳᠠᠭᠠᠨ ᠬᠡᠪ ᠪᠣᠯᠪᠠᠰᠤᠷᠠᠯ ᠢᠶᠠᠨ ᠴᠢᠩᠭᠠᠳᠬᠠᠵᠤ᠂ ᠳᠦᠷᠢ ᠲᠥᠷᠬᠦ ᠪᠠᠨ ᠱᠤᠭᠤᠵᠤ᠂ ᠬᠡᠪ ᠪᠣᠯᠪᠠᠰᠤᠷᠠᠯ ᠥᠨᠳᠥᠷ᠂ ᠴᠢᠳᠠᠪᠤᠷᠢ ᠴᠢᠩᠭ᠎ᠠ ᠰᠢᠯᠢᠳᠡᠭ ᠪᠠᠭᠰᠢ ᠶᠢᠨ ᠡᠩᠨᠡᠭᠡ ᠶᠢ ᠪᠠᠶᠢᠭᠤᠯᠬᠤ ᠬᠡᠷᠡᠭᠲᠡᠢ︔ ᠭᠤᠷᠪᠠ ᠳᠤ ᠰᠤᠷᠭᠠᠭᠤᠯᠢ ᠶᠢᠨ ᠬᠦᠷᠢᠶᠡᠨ ᠤ ᠰᠣᠶᠣᠯ᠂ ᠰᠠᠭᠤᠷᠢ ᠪᠦᠲᠦᠭᠡᠨ ᠪᠠᠶᠢᠭᠤᠯᠤᠯᠲᠠ ᠶᠢ ᠪᠦᠬᠦᠯᠢ ᠴᠣᠭᠴᠠ ᠪᠠᠷ ᠨᠢ ᠲᠥᠯᠥᠪᠵᠢᠭᠦᠯᠵᠦ᠂ ᠨᠣᠮ ᠤᠨ ᠢᠪᠡᠭᠡᠯᠲᠦ ᠰᠤᠷᠭᠠᠭᠤᠯᠢ ᠶᠢ ᠪᠠᠶᠢᠭᠤᠯᠵᠤ᠂ ᠨᠡᠷᠡᠲᠦ ᠲᠡᠮᠳᠡᠭᠲᠦ ᠰᠤᠷᠭᠠᠭᠤᠯᠢ ᠶᠢ ᠡᠭᠦᠳᠦᠨ ᠪᠠᠶᠢᠭᠤᠯᠬᠤ ᠬᠡᠷᠡᠭᠲᠡᠶ ᠭᠡᠪᠡ᠃    ᠵᠣᠣ ᠯᠢ ᠮᠧᠶ ᠱᠦᠵᠢ ᠣᠪᠣᠷ ᠢᠶᠠᠨ ᠢᠯᠡᠳᠬᠡᠬᠦ ᠦᠭᠡ ᠬᠡᠯᠡᠬᠦ ᠳᠡᠭᠡᠨ᠂ ᠭᠤᠮ ᠲᠠᠯᠠᠪᠠᠶ᠂ ᠬᠡᠷ ᠤᠨ ᠭᠠᠳᠠᠨᠠᠬᠢ ᠤᠰᠤ ᠪᠠᠷ ᠵᠠᠶᠢᠯᠬᠤ ᠵᠣᠷᠯᠣᠩ ᠵᠡᠷᠭᠡ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠳᠠᠭᠠᠯᠳᠤᠨ᠂ ᠵᠠᠷᠤᠳ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ 1700 ᠭᠠᠷᠤᠶ ᠪᠠᠭᠰᠢ ᠰᠤᠷᠤᠭᠴᠢᠳ ᠤᠨ ᠰᠤᠷᠤᠯᠴᠠᠯᠭ᠎ᠠ ᠠᠮᠢᠳᠤᠷᠠᠯ ᠤᠨ ᠣᠷᠴᠢᠨ ᠨᠥᠬᠦᠴᠡᠯ ᠢ ᠰᠠᠶᠢᠵᠢᠷᠠᠭᠤᠯᠤᠭᠰᠠᠨ ᠢᠶᠠᠷ ᠪᠠᠷᠠᠬᠤ ᠥᠬᠡᠶ᠂ ᠨᠠᠩ ᠴᠤ ᠪᠥᠬᠦ ᠬᠤᠰᠢᠭᠤᠨ ᠤ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠡᠪ ᠳᠠᠭᠤᠷᠢᠶᠠᠯ ᠢ ᠪᠣᠶ ᠪᠣᠯᠭᠠᠪᠠ᠃ ᠮᠠᠨ ᠤ ᠰᠤᠷᠭᠠᠭᠤᠯᠢ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠠᠵᠠ ᠲᠣᠬᠢᠶᠠᠯ ᠪᠣᠯᠭᠠᠵᠤ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠳᠡᠮᠵᠢᠯᠭᠡ ᠳᠤᠤᠷ᠎ᠠ᠂ ᠪᠡᠶᠡᠲᠦ ᠲᠣᠨᠤᠭ ᠣᠶᠠᠨ ᠲᠣᠨᠤᠭ ᠤᠨ ᠬᠤᠤᠰ ᠳᠡᠭᠡᠭᠰᠢᠯᠡᠯᠲᠡ ᠶᠢ ᠪᠡᠶᠡᠯᠡᠭᠦᠯᠵᠦ᠂ 2025 ᠣᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠳᠤ ᠳᠠᠬᠢᠨ ᠰᠢᠨ᠎ᠡ ᠶᠢ ᠡᠭᠦᠳᠬᠦ ᠪᠠᠷ ᠴᠢᠷᠮᠠᠶᠢᠨ᠎ᠠ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号