ᠵᠠᠷᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠬᠤᠷᠢᠶ᠎ᠠ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠨ ᠴᠡᠭᠴᠡᠯᠡᠬᠦ ᠬᠠᠮᠲᠤᠷᠠᠭᠰᠠᠨ ᠬᠤᠷᠠᠯ ᠬᠢᠪᠡ
ᠨᠡᠶᠢᠲᠡᠯᠡᠭᠰᠡᠨ ᠴᠠᠭ᠄
2025/5/26
    ᠣᠶᠢᠷ᠎ᠠ ᠳᠤ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠬᠤᠷᠢᠶ᠎ᠠ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠨ ᠴᠡᠭᠴᠡᠯᠡᠬᠦ ᠬᠠᠮᠲᠤᠷᠠᠭᠰᠠᠨ ᠬᠤᠷᠠᠯ ᠬᠢᠵᠦ᠂ ᠭᠤᠤᠯᠳᠠᠭᠤ ᠣᠳᠣᠬᠠᠨ ᠳᠤ ᠢᠯᠡᠷᠡᠭᠰᠡᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠶᠢᠨ ᠰᠢᠨ᠎ᠡ ᠲᠥᠷᠥᠯ ᠬᠡᠯᠪᠡᠷᠢ᠂ ᠰᠢᠨ᠎ᠡ ᠣᠨᠴᠠᠯᠢᠭ᠂ ᠰᠢᠨ᠎ᠡ ᠠᠰᠠᠭᠤᠳᠠᠯ ᠤᠨ ᠲᠣᠭᠤᠷᠢᠨ ᠳᠤ ᠭᠦᠨᠵᠡᠭᠡᠶ ᠨᠠᠷᠢᠨ ᠵᠠᠳᠠᠯᠤᠯᠲᠠ ᠪᠠ ᠶᠠᠷᠢᠯᠴᠠᠭ᠎ᠠ ᠥᠷᠨᠢᠭᠦᠯᠪᠡ᠃ ᠳᠠᠷᠠᠭ᠎ᠠ ᠨᠢ᠂ ᠪᠠᠶᠢᠴᠠᠭᠠᠬᠤ ᠬᠤᠷᠢᠶᠠᠨ ᠤ ᠡᠷᠡᠭᠦᠦ ᠶᠢᠨ ᠬᠡᠷᠡᠭ ᠤᠨ ᠪᠠᠶᠢᠴᠠᠭᠠᠬᠤ ᠰᠠᠯᠠᠭ᠎ᠠ ᠮᠥᠴᠢᠷ᠂ ᠰᠢᠭᠦᠬᠦ ᠬᠤᠷᠢᠶᠠᠨ ᠤ ᠡᠷᠡᠭᠦᠦ ᠶᠢᠨ ᠬᠡᠷᠡᠭ ᠤᠨ ᠰᠢᠭᠦᠨ ᠲᠠᠰᠤᠯᠬᠤ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠡᠰᠡᠷᠭᠦᠴᠡᠬᠦ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠰᠢᠨ᠎ᠡ ᠬᠡᠯᠪᠡᠷᠢ ᠶᠢᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠡᠷᠡᠭ ᠤᠨ ᠭᠡᠷᠡᠴᠢ ᠠᠪᠬᠤ ᠴᠢᠭᠯᠡᠯ᠂ ᠭᠡᠷᠡᠴᠢ ᠪᠠᠷᠢᠮᠲᠠ ᠶᠢᠨ ᠪᠠᠷᠢᠮᠵᠢᠶ᠎ᠠ᠂ ᠬᠠᠤᠯᠢ ᠴᠠᠭᠠᠵᠠ ᠶᠢ ᠬᠡᠷᠡᠭᠯᠡᠬᠦ᠂ ᠡᠷᠡᠭᠦᠦ ᠰᠢᠳᠬᠡᠯ ᠣᠨᠣᠭᠳᠠᠭᠤᠯᠬᠤ ᠶᠢ ᠲᠡᠩᠴᠡᠭᠦᠷᠢᠲᠡᠶ ᠪᠠᠶᠢᠯᠭᠠᠬᠤ᠂ ᠬᠠᠷᠢᠶᠠᠯᠠᠯ ᠵᠡᠷᠭᠡ ᠠᠰᠠᠭᠤᠳᠠᠯ ᠤᠨ ᠲᠤᠬᠠᠶ ᠰᠠᠨᠠᠯ ᠪᠠ ᠰᠠᠨᠠᠭᠤᠯᠭ᠎ᠠ ᠪᠠᠨ ᠭᠦᠢᠴᠡᠳ ᠰᠣᠯᠢᠯᠴᠠᠭᠰᠠᠨ ᠪᠥᠭᠡᠳ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠡᠷᠡᠭ ᠤᠨ ᠭᠡᠷᠡᠴᠢ ᠠᠪᠬᠤ ᠵᠢᠷᠤᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠬᠠᠮᠲᠤ ᠶᠢᠨ ᠲᠠᠨᠢᠯᠲᠠ ᠶᠢ ᠪᠣᠶ ᠪᠣᠯᠭᠠᠵᠤ᠂ ᠬᠡᠷᠡᠭ ᠰᠢᠢᠳᠪᠦᠷᠢᠯᠡᠬᠦ ᠪᠠᠷᠢᠮᠵᠢᠶ᠎ᠠ ᠶᠢ ᠨᠢᠭᠡᠳᠬᠡᠵᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠡᠷᠡᠭ ᠢ ᠰᠢᠢᠳᠪᠦᠷᠢᠯᠡᠬᠦ ᠬᠤᠷᠳᠤᠴᠠ ᠶᠢ ᠲᠦᠷᠭᠡᠳᠬᠡᠬᠦ᠂ ᠴᠢᠨᠠᠷ ᠢ ᠪᠠᠲᠤᠯᠠᠬᠤ᠂ ᠦᠷ᠎ᠡ ᠠᠰᠢᠭ ᠢ ᠨᠡᠮᠡᠭᠳᠡᠭᠦᠯᠬᠦ ᠳᠤ ᠰᠠᠶᠢᠨ ᠰᠠᠶᠢᠬᠠᠨ ᠰᠠᠭᠤᠷᠢ ᠲᠠᠯᠪᠢᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号