5 ᠰᠠᠷ᠎ᠠ ᠶᠢᠨ 26 ᠤ ᠡᠳᠦᠷ᠂ ᠠᠷᠤ ᠬᠥᠨᠳᠡᠯᠡᠨ ᠪᠠᠯᠭᠠᠰᠤ ᠲᠡᠮᠦᠷ ᠵᠠᠮ ᠢ ᠬᠠᠮᠠᠭᠠᠯᠠᠬᠤ ᠤᠬᠠᠭᠤᠯᠭ᠎ᠠ ᠶᠢᠨ | ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠠᠵᠢᠯᠲᠠᠳ ᠬᠠᠶᠢᠯᠠᠰᠤᠲᠠᠶ | ᠬᠠᠮᠢᠶᠠᠷᠤᠨ ᠬᠠᠮᠠᠭᠠᠯᠠᠬᠤ ᠥᠷᠲᠡᠭᠡ ᠳᠤ ᠭᠦᠨᠵᠡᠭᠡᠶᠢᠷᠡᠵᠦ᠂ ᠲᠡᠮᠦᠷ ᠵᠠᠮ ᠤᠨ ᠠᠮᠤᠷ ᠲᠦᠪᠰᠢᠨ ᠤ ᠮᠡᠳᠡᠯᠭᠡ ᠶᠢᠨ | ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ ᠵᠡᠷᠭᠡ ᠬᠡᠯᠪᠡᠷᠢ ᠪᠠᠷ | ᠳᠠᠮᠵᠢᠭᠤᠯᠤᠨ᠂ ᠨᠠᠰᠢ ᠴᠠᠰᠢ ᠥᠩᠭᠡᠷᠡᠬᠦ ᠣᠯᠠᠨ ᠲᠦᠮᠡᠨ ᠳᠤ ᠲᠡᠮᠦᠷ ᠵᠠᠮ ᠤᠨ ᠠᠮᠤᠷ ᠲᠦᠪᠰᠢᠨ ᠤ ᠬᠠᠤᠯᠢ | ᠲᠣᠭᠲᠠᠭᠠᠯ ᠪᠠ ᠵᠠᠮ ᠢᠶᠠᠨ ᠬᠠᠶᠢᠷᠠᠯᠠᠵᠤ ᠵᠠᠮ ᠢᠶᠠᠨ ᠬᠠᠮᠠᠭᠠᠯᠠᠬᠤ ᠮᠡᠳᠡᠯᠭᠡ ᠶᠢ ᠲᠦᠭᠡᠮᠡᠯᠵᠢᠭᠦᠯᠵᠦ᠂ ᠲᠡᠮᠦᠷ ᠵᠠᠮ ᠢ | ᠳᠠᠪᠠᠵᠤ ᠭᠠᠷᠬᠤ ᠶᠢ ᠴᠠᠭᠠᠵᠠᠯᠠᠬᠤ᠂ ᠲᠡᠮᠦᠷ ᠵᠠᠮ ᠤᠨ ᠲᠥᠬᠦᠭᠡᠷᠦᠮᠵᠢ ᠶᠢ ᠡᠪᠳᠡᠬᠦ ᠶᠢ ᠴᠢᠩᠭ᠎ᠠ ᠴᠠᠭᠠᠵᠠᠯᠠᠬᠤ ᠵᠡᠷᠭᠡ | ᠠᠭᠤᠯᠭ᠎ᠠ ᠶᠢ ᠭᠤᠤᠯᠳᠠᠯᠭ᠎ᠠ ᠲᠠᠢ ᠲᠠᠶᠢᠯᠪᠤᠷᠢᠯᠠᠵᠤ᠂ ᠣᠯᠠᠨ ᠲᠦᠮᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ | ᠤᠬᠠᠮᠰᠠᠷ ᠢ ᠪᠦᠲᠦᠮᠵᠢᠲᠡᠶ ᠴᠢᠩᠭᠠᠳᠬᠠᠪᠠ᠃ | | | |