ᠪᠠᠶᠠᠨᠲᠠᠯ᠎ᠠ ᠰᠤᠮᠤ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/27
      ᠣᠶᠢᠷ᠎ᠠ ᠳᠤ᠂ ᠪᠠᠶᠠᠨᠲᠠᠯ᠎ᠠ ᠰᠤᠮᠤ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠠᠵᠢᠯᠲᠠᠳ ᠤᠬᠠᠭᠤᠯᠭ᠎ᠠ ᠶᠢᠨ ᠡᠯᠭᠦᠭᠡ ᠪᠢᠴᠢᠭᠡᠰᠦ ᠡᠯᠭᠦᠬᠦ᠂ ᠣᠯᠠᠨ ᠲᠦᠮᠡᠨ ᠳᠤ ᠤᠬᠠᠭᠤᠯᠭ᠎ᠠ ᠶᠢᠨ ᠭᠠᠷ ᠳᠡᠪᠲᠡᠷ᠂ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠡᠪᠬᠡᠮᠡᠯ ᠬᠠᠭᠤᠳᠠᠰᠤ ᠵᠢᠴᠢ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠪᠣᠭᠴᠣ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠲᠠᠮᠵᠢᠭᠤᠯᠤᠨ᠂ ᠲᠣᠰᠬᠤᠨ ᠤ ᠠᠷᠠᠳ ᠲᠤ ᠪᠷᠦ᠋ᠼᠧᠯ ᠡᠪᠡᠳᠴᠢᠨ ᠤ ᠬᠠᠯᠳᠠᠪᠤᠷᠢᠯᠠᠬᠤ ᠠᠷᠭ᠎ᠠ ᠵᠠᠮ᠂ ᠬᠤᠤᠷ ᠬᠥᠨᠥᠭᠡᠯ ᠵᠢᠴᠢ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠠᠶᠢᠯᠪᠤᠷᠢᠯᠠᠨ ᠥᠭᠴᠦ᠂ ᠳᠥᠭᠦᠮ ᠣᠶᠢᠯᠠᠭᠠᠮᠵᠢᠲᠠᠶ ᠦᠭᠡ ᠬᠡᠯᠡ ᠪᠠ ᠠᠮᠢᠳᠤᠯᠢᠭ ᠬᠡᠷᠡᠭ ᠤᠨ ᠵᠢᠱᠢᠶ᠎ᠡ ᠪᠠᠷ ᠮᠠᠯᠴᠢᠨ ᠲᠠᠷᠢᠶᠠᠴᠢᠨ ᠲᠦᠮᠡᠨ ᠳᠤ ᠪᠷᠦ᠋ᠼᠧᠯ ᠡᠪᠡᠳᠴᠢᠨ ᠤ ᠲᠤᠬᠠᠶ ᠨᠠᠩ ᠭᠦᠨᠵᠡᠭᠡᠶ ᠣᠶᠢᠯᠠᠭᠠᠯᠲᠠ ᠲᠠᠢ ᠪᠣᠯᠭᠠᠪᠠ᠃    
微信图片_20250527112403.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号