ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠠᠩ ᠽᠢ ᠴᠢᠶᠠᠩ ᠬᠤᠩᠬᠠᠲᠤ ᠠᠭᠤᠯᠠ ᠪᠠᠯᠭᠠᠰᠤᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2025/5/27
    5 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠠᠩ ᠽᠢ ᠴᠢᠶᠠᠩ ᠬᠤᠩᠬᠠᠲᠤ ᠠᠭᠤᠯᠠ ᠪᠠᠯᠭᠠᠰᠤᠨ ᠤ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠴᠤ᠂ ᠬᠤᠩᠬᠠᠲᠤ ᠠᠭᠤᠯᠠ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢᠨ ᠠᠬᠢᠴᠠ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠪᠣᠯᠤᠨ ᠬᠠᠮᠢᠶ᠎ᠠ ᠪᠥᠬᠦᠶ ᠠᠵᠢᠯᠲᠠᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃   
微信图片_20250527112951.png
    ᠬᠤᠩᠬᠠᠳᠤ ᠠᠭᠤᠯᠠ ᠪᠠᠯᠭᠠᠰᠤ ᠶᠢᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠲᠤ᠂ ᠶᠠᠩ ᠽᠢ ᠴᠢᠶᠠᠩ ᠶᠡᠷᠦᠩᠬᠡᠶᠢᠯᠡᠨ ᠵᠠᠰᠠᠬᠤ ᠲᠥᠪ ᠤᠨ ᠡᠭᠦᠷᠭᠡ ᠴᠢᠳᠠᠪᠬᠢ ᠶᠢᠨ ᠪᠠᠶᠢᠷᠢᠯᠠᠭᠤᠯᠤᠯᠲᠠ᠂ ᠴᠢᠳᠠᠮᠵᠢ ᠶᠢᠨ ᠬᠤᠪᠢᠶᠠᠷᠢ ᠲᠣᠭᠤᠷᠢᠭ ᠪᠠ ᠪᠣᠳᠠᠲᠤ ᠴᠣᠭᠴᠠ ᠶᠢᠨ ᠠᠵᠢᠯᠯᠠᠭᠠᠨ ᠤ ᠪᠠᠶᠢᠳᠠᠯ ᠢ ᠭᠦᠨᠵᠡᠭᠡᠶ ᠣᠶᠢᠯᠠᠭᠠᠵᠤ᠂ ᠶᠡᠷᠦᠩᠬᠡᠶᠢᠯᠡᠨ ᠵᠠᠰᠠᠬᠤ ᠲᠥᠪ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠦᠭᠰᠡᠨ᠂ ᠰᠠᠯᠠᠭ᠎ᠠ ᠮᠥᠴᠢᠷ ᠤᠨ ᠣᠷᠣᠵᠤ ᠰᠠᠭᠤᠭᠰᠠᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠶᠠᠪᠤᠴᠠ᠂ ᠰᠠᠯᠠᠭ᠎ᠠ ᠮᠥᠴᠢᠷ ᠤᠨ ᠵᠣᠬᠢᠴᠠᠯᠳᠤᠨ ᠬᠥᠳᠡᠯᠦᠯᠴᠡᠬᠦ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠦᠨᠳᠦᠰᠦᠨ ᠱᠠᠲᠤᠨ ᠤ ᠪᠢᠴᠢᠯ ᠵᠠᠰᠠᠯᠲᠠ ᠶᠢᠨ ᠰᠢᠰᠲ᠋ᠧᠮ ᠤᠨ ᠪᠠᠶᠢᠭᠤᠯᠤᠯᠲᠠ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠰᠢᠢᠳᠪᠦᠷᠢᠯᠡᠬᠦ᠂ ᠶᠡᠷᠦᠩᠬᠡᠶᠢᠯᠡᠨ ᠵᠠᠰᠠᠬᠤ ᠲᠥᠪ ᠤᠨ ᠴᠢᠳᠠᠮᠵᠢ ᠶᠢᠨ ᠲᠠᠰᠤᠭ ᠤᠨ ᠪᠠᠶᠢᠭᠤᠯᠤᠯᠲᠠ᠂ ᠲᠤᠭ᠎ᠠ ᠪᠠᠷᠢᠮᠲᠠ ᠶᠢ ᠴᠤᠭᠯᠠᠭᠤᠯᠬᠤ ᠪᠠ ᠰᠢᠢᠳᠪᠦᠷᠢᠯᠡᠬᠦ ᠵᠡᠷᠭᠡ ᠲᠠᠯ᠎ᠠ ᠪᠠᠷ ᠵᠢᠯᠣᠭᠤᠳᠬᠤ ᠰᠠᠨᠠᠯ ᠳᠤᠷᠠᠳᠪᠠ᠃      
微信图片_20250527112957.png
     ᠶᠠᠩ ᠽᠢ ᠴᠢᠶᠠᠩ ᠴᠢᠬᠤᠯᠠᠴᠢᠯᠠᠭᠰᠠᠨ ᠨᠢ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠠᠯᠭᠠᠰᠤ᠂ ᠨᠡᠶᠢᠭᠡᠮ ᠲᠣᠭᠤᠷᠢᠭ ᠬᠤᠶᠠᠷ ᠱᠠᠲᠤᠨ ᠤ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠳᠡᠭᠡᠳᠦ ᠱᠠᠲᠤᠨ ᠤ ᠪᠠᠶᠢᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠤᠳᠠᠭᠳᠠᠯ ᠪᠠᠭᠤᠷᠠᠢ ᠲᠠᠯ᠎ᠠ ᠪᠠᠨ ᠲᠠᠰᠤᠷᠠᠯᠲᠠ ᠦᠭᠡᠢ ᠨᠥᠬᠦᠪᠥᠷᠢᠯᠡᠵᠦ᠂ ᠶᠡᠷᠦᠩᠬᠡᠶᠢᠯᠡᠨ ᠵᠠᠰᠠᠬᠤ ᠲᠥᠪ ᠤᠨ ᠪᠠᠶᠢᠭᠤᠯᠤᠯᠲᠠ ᠶᠢᠨ ᠪᠠᠷᠢᠮᠵᠢᠶᠠᠵᠢᠭᠤᠯᠤᠯᠲᠠ ᠶᠢ ᠪᠠᠲᠤᠯᠠᠬᠤ ᠬᠡᠷᠡᠭᠲᠡᠢ᠃ ︽ᠹᠧᠩ ᠴᠢᠶᠣᠤ ᠶᠢᠨ ᠲᠤᠷᠰᠢᠯᠭ᠎ᠠ︾ ᠪᠠᠷ ᠲᠦᠰᠢᠭ ᠪᠣᠯᠭᠠᠵᠤ᠂ ᠪᠠᠯᠭᠠᠰᠤ᠂ ᠨᠡᠶᠢᠭᠡᠮ ᠲᠣᠭᠤᠷᠢᠭ ᠬᠤᠶᠠᠷ ᠱᠠᠲᠤᠨ ᠤ ᠶᠡᠷᠦᠩᠬᠡᠶᠢᠯᠡᠨ ᠵᠠᠰᠠᠬᠤ ᠲᠥᠪ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠨᠳᠡᠯᠡᠨ ᠢᠶᠠᠷ ᠬᠤᠯᠪᠣᠭᠠᠯᠠᠨ ᠬᠥᠳᠡᠯᠦᠯᠴᠡᠭᠰᠡᠨ᠂ ᠭᠤᠯᠳᠤ ᠪᠠᠷ ᠨᠡᠪᠲᠡᠷᠡᠭᠰᠡᠨ᠂ ᠣᠯᠠᠨ ᠲᠠᠯ᠎ᠠ ᠪᠠᠷ ᠬᠦᠴᠦᠯᠡᠭᠰᠡᠨ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠤᠷᠢᠯᠡᠬᠦ ᠪᠢᠳᠡᠭᠦᠤ ᠬᠡᠯᠬᠢᠶ᠎ᠡ ᠶᠢ ᠪᠡᠶᠡᠯᠡᠭᠦᠯᠵᠦ᠂ ᠵᠥᠷᠢᠴᠡᠯ ᠵᠢᠭᠤᠷᠠᠯᠳᠤᠭᠠᠨ ᠢ ᠦᠨᠡᠨ ᠬᠦ ᠦᠨᠳᠦᠰᠦᠨ ᠱᠠᠲᠤᠨ ᠳᠤ ᠰᠢᠢᠳᠪᠤᠷᠢᠯᠡᠬᠦ ᠬᠡᠷᠡᠭᠲᠡᠶ᠃ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠠᠬᠢᠭᠤᠯᠵᠤ᠂ ᠨᠡᠶᠢᠭᠡᠮ ᠲᠣᠭᠤᠷᠢᠭ ᠤᠨ ᠠᠮᠤᠷ ᠲᠦᠪᠰᠢᠨ ᠤ ᠰᠢᠰᠲ᠋ᠧᠮ ᠤᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ︽ᠨᠠᠮ ᠤᠨ ᠳᠤᠭᠤᠶᠢᠯᠠᠩ + ᠲᠤᠰᠬᠠᠢ ᠲᠤᠰᠢᠶᠠᠯᠲᠤ  ᠲᠤᠤᠷ ᠤᠨ ᠠᠵᠢᠯᠲᠠᠨ + ᠡᠷᠦᠬᠡ ︵ᠨᠢᠭᠡᠴᠢ︶ ᠶᠢᠨ ᠳᠠᠷᠤᠭ᠎ᠠ︾ ᠬᠤᠯᠪᠤᠭᠠᠯᠠᠭᠰᠠᠨ ᠦᠨᠳᠦᠰᠦᠨ ᠱᠠᠲᠤᠨ ᠤ ᠪᠢᠴᠢᠯ ᠵᠠᠰᠠᠯᠲᠠ ᠶᠢᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠲᠦᠮᠡᠨ ᠢ ᠦᠨᠳᠦᠰᠦᠨ ᠱᠠᠲᠤᠨ ᠤ ᠵᠠᠰᠠᠯᠲᠠ ᠳᠤ ᠥᠷᠭᠡᠨ ᠢᠶᠠᠷ ᠣᠷᠣᠯᠴᠠᠭᠤᠯᠵᠤ᠂ ᠥᠨᠳᠥᠷ ᠬᠢᠷᠢ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号