ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠣᠯᠠᠨ ᠲᠦᠮᠡᠨ ᠪᠠ | ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠭᠡᠬᠦ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠣᠯᠠᠨ ᠲᠦᠮᠡᠨ | ᠪᠠ ᠠᠵᠤ ᠠᠬᠤᠶᠢᠯᠠᠯ ᠤᠨ ︽ᠠᠵᠢᠯᠯᠠᠬᠤ ᠴᠠᠭ ᠲᠤ ᠴᠢᠯᠤᠭᠡ ᠪᠠᠶᠢᠬᠤ ᠥᠬᠡᠶ᠂ ᠠᠵᠢᠯ ᠠᠴᠠ ᠪᠠᠭᠤᠬᠤ ᠪᠤᠶᠤ | ᠠᠮᠠᠷᠠᠬᠤ ᠴᠠᠭ ᠲᠤ ᠬᠦᠢᠴᠡᠳᠭᠡᠬᠦ ᠭᠠᠵᠠᠷ ᠦᠭᠡᠢ︾ ᠬᠦᠴᠢᠷ ᠠᠰᠠᠭᠤᠳᠠᠯ ᠢ ᠦᠨᠡᠨ ᠬᠦ ᠰᠢᠢᠳᠪᠤᠷᠢᠯᠡᠵᠦ᠂ ᠡᠨᠡ | ᠵᠢᠯ ᠠᠴᠠ ᠨᠠᠰᠢ᠂ ᠵᠠᠷᠤᠳ ᠬᠤᠰᠢᠭᠤᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠤᠨ ᠠᠵᠢᠯ ᠶᠠᠪᠤᠳᠠᠯ | ᠭᠦᠢᠴᠡᠳᠭᠡᠬᠦ ᠴᠤᠩᠬᠤᠪᠴᠢ ︽ᠡᠷᠲᠡ ᠣᠷᠣᠢ ᠬᠠᠷᠢᠮᠠᠬᠠᠢ ᠭᠦᠢᠴᠡᠳᠭᠡᠬᠦ︾᠂ ︽ᠭᠠᠷᠠᠭ ᠲᠤ ᠠᠮᠠᠷᠠᠬᠤ ᠦᠭᠡᠢ︾ | ᠵᠡᠷᠭᠡ ᠴᠠᠭ ᠢ ᠤᠷᠲᠤᠳᠬᠠᠬᠤ ᠦᠢᠯᠡᠴᠢᠯᠡᠭᠡ ᠥᠷᠨᠢᠭᠦᠯᠵᠦ᠂ ᠣᠯᠠᠨ ᠲᠦᠮᠡᠨ ᠪᠠ ᠠᠵᠤ ᠠᠬᠤᠶᠢᠯᠠᠯ ᠢ ᠠᠵᠢᠯ ᠤᠨ | ᠡᠳᠦᠷ ᠪᠤᠰᠤ ᠪᠠᠶᠢᠳᠠᠯ ᠳᠤ ᠠᠷᠠᠳ ᠤᠨ ᠠᠮᠢᠳᠤᠷᠠᠯ ᠳᠤ ᠬᠤᠯᠪᠣᠭᠳᠠᠬᠤ ᠡᠯ᠎ᠡ ᠵᠤᠶᠢᠯ ᠤᠨ ᠲᠤᠬᠠᠶᠢᠯᠠᠭᠰᠠᠨ ᠠᠵᠢᠯ ᠢ | ᠬᠡᠪ ᠤᠨ ᠶᠣᠰᠣᠭᠠᠷ ᠭᠦᠢᠴᠡᠳᠭᠡᠪᠡ᠃ | | | | | ᠣᠯᠠᠨ ᠲᠦᠮᠡᠨ ᠬᠡᠷᠡᠭᠴᠡᠭᠡ ᠱᠠᠭᠠᠷᠳᠠᠯᠭ᠎ᠠ ᠲᠠᠢ ᠦᠶᠡᠰ᠂ ᠦᠢᠯᠡᠴᠢᠯᠡᠭᠡ ᠨᠢ ︽ᠡᠭᠦᠳᠡ ᠪᠠᠨ ᠬᠠᠭᠠᠬᠤ ᠦᠭᠡᠢ | ︾᠃ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠡᠷᠡᠭᠵᠢᠭᠦᠯᠵᠦ ᠪᠠᠶᠢᠭ᠎ᠠ ᠴᠠᠭ ᠢ | ᠤᠷᠲᠤᠳᠬᠠᠬᠤ ᠦᠢᠯᠡᠴᠢᠯᠡᠭᠡ ᠨᠢ ᠦᠢᠯᠡᠴᠢᠯᠡᠭᠡᠨ ᠤ ᠴᠤᠩᠬᠤᠪᠴᠢ ᠶᠢᠨ ᠠᠵᠢᠯᠯᠠᠬᠤ ᠴᠠᠭ ᠢ ᠣᠯᠠᠨ ᠲᠦᠮᠡᠨ᠂ | ᠠᠵᠤ ᠠᠬᠤᠶᠢᠯᠠᠯ ᠤᠨ ᠠᠵᠢᠯᠯᠠᠵᠤ ᠠᠮᠠᠷᠠᠬᠤ ᠴᠠᠭ ᠲᠠᠢ ᠣᠨᠣᠪᠴᠢᠲᠠᠶ ᠵᠣᠯᠭᠠᠭᠤᠯᠬᠤ ᠪᠠᠷ ᠳᠠᠮᠵᠢᠭᠤᠯᠤᠨ᠂ ︽ | ᠠᠵᠢᠯᠯᠠᠬᠤ ᠴᠠᠭ ᠴᠢᠯᠤᠭᠡ ᠥᠬᠡᠶ᠂ ᠠᠵᠢᠯ ᠠᠴᠠ ᠪᠠᠭᠤᠬᠤ ᠳᠤ ᠭᠦᠢᠴᠡᠳᠭᠡᠬᠦ ᠭᠠᠵᠠᠷ ᠥᠬᠡᠶ ᠪᠠᠶᠢᠬᠤ︾ | ᠬᠦᠴᠢᠷᠳᠡᠯ ᠢ ᠲᠦᠢᠯᠪᠤᠷᠢᠲᠠᠶ ᠠᠷᠢᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠲᠣᠭᠲᠠᠭᠰᠠᠨ | ᠬᠤᠭᠤᠴᠠᠭᠠᠨ ᠳᠤ ᠬᠦᠢᠴᠡᠳᠬᠡᠵᠦ ᠳᠠᠭᠤᠰᠬᠠᠬᠤ︾ ᠪᠠᠶᠢᠭᠰᠠᠨ ᠠᠴᠠ ︽ᠴᠠᠭ ᠢᠮᠠᠭᠳᠠ ᠬᠦᠢᠴᠡᠳᠬᠡᠵᠦ | ᠳᠠᠭᠤᠰᠬᠠᠬᠤ︾ ᠪᠣᠯᠭᠠᠨ ᠲᠠᠰ ᠲᠡᠪᠰᠢᠭᠦᠯᠪᠡ᠃ | | | | |  5 ᠰᠠᠷ᠎ᠠ ᠶᠢᠨ 22 ᠤᠨ ᠡᠳᠦᠷ ᠤᠨ ᠦᠳᠡ ᠶᠢᠨ ᠬᠤᠶᠢᠨ᠎ᠠ᠂ ᠰᠤᠷᠪᠤᠯᠵᠢᠯᠠᠭᠴᠢ ᠬᠤᠰᠢᠭᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢᠨ ᠬᠡᠷᠡᠭ ᠡᠷᠭᠢᠯᠡᠬᠦ ᠴᠤᠩᠬᠤᠪᠴᠢ ᠳᠤ ᠰᠠᠭᠤᠭᠠᠯᠢ ᠠᠷᠠᠳ ᠰᠦᠨ ᠵᠣᠣ ᠭᠠᠩ ᠶᠠᠭ ᠲᠤᠬᠠᠶᠢᠯᠠᠭᠰᠠᠨ | ᠠᠵᠢᠯ ᠢᠶᠠᠨ ᠭᠦᠢᠴᠡᠳᠬᠡᠵᠦ ᠪᠠᠶᠢᠬᠤ ᠶᠢ ᠣᠯᠵᠤ ᠬᠠᠷᠠᠪᠠ᠃ ᠬᠡᠳᠦ᠋ᠢᠪᠡᠷ ᠠᠵᠢᠯ ᠠᠴᠠ ᠪᠠᠭᠤᠬᠤ ᠴᠠᠭ ᠪᠤᠯᠣᠭᠰᠠᠨ | ᠪᠣᠯᠪᠠᠴᠣ᠂ ᠴᠦᠬᠡᠨ ᠪᠣᠰᠣ ᠰᠠᠭᠤᠭᠠᠯᠢ ᠠᠷᠠᠳ ᠡᠯ᠎ᠡ ᠵᠦᠢᠯ ᠤᠨ ᠠᠵᠢᠯ ᠢ ᠬᠦᠢᠴᠡᠳᠭᠡᠵᠣ ᠪᠤᠢ᠃ | ︽ᠠᠵᠢᠯ ᠠᠴᠠ ᠪᠠᠭᠤᠬᠤ ᠴᠠᠭ ᠪᠣᠯᠬᠤ ᠭᠡᠵᠦ ᠪᠠᠶᠢᠨ᠎ᠠ᠂ ᠪᠢ ᠬᠠᠷᠢᠨ ᠥᠨᠥᠳᠥᠷ ᠲᠤᠬᠠᠶᠢᠯᠠᠭᠰᠠᠨ ᠠᠵᠢᠯ ᠢᠶᠠᠨ | ᠬᠢᠵᠦ ᠳᠡᠶᠢᠯᠬᠦ ᠦᠭᠡᠢ ᠭᠡᠵᠦ ᠪᠣᠳᠣᠵᠤ ᠪᠠᠶᠢᠭᠰᠠᠨ ᠰᠢᠤ᠂ ᠴᠤᠩᠬᠤᠪᠴᠢ ᠶᠢᠨ ᠠᠵᠢᠯᠲᠠᠳ ᠠᠵᠢᠯ ᠠᠴᠠ ᠪᠠᠨ | ᠪᠠᠭᠤᠬᠤ ᠴᠠᠭ ᠢᠶᠠᠨ ᠬᠤᠶᠢᠰᠢᠯᠠᠵᠠᠢ ᠭᠡᠵᠦ ᠪᠣᠳᠣᠵᠤ ᠣᠯᠤᠭᠰᠠᠨ ᠦᠭᠡᠢ᠂ ᠲᠡᠳᠡ ᠴᠠᠭ ᠨᠡᠮᠡᠵᠦ ᠠᠵᠢᠯᠯᠠᠵᠦ ᠪᠢᠳᠡᠨ | ᠤ ᠲᠤᠬᠠᠶᠢᠯᠠᠭᠰᠠᠨ ᠠᠵᠢᠯ ᠢ ᠭᠦᠢᠴᠡᠳᠬᠡᠵᠦ᠂ ᠮᠠᠰᠢ ᠳᠥᠭᠦᠮ ᠪᠠᠶᠢᠨ᠎ᠠ︾ ᠭᠡᠵᠦ ᠰᠦᠨ ᠵᠤᠤ ᠭᠠᠩ ᠬᠡᠯᠡᠪᠡ᠃ | | | | | ᠠᠷᠠᠳ ᠲᠦᠮᠡᠨ ᠳᠤ ᠦᠢᠯᠡᠴᠢᠯᠡᠬᠦ ᠲᠠᠭᠤᠰᠬᠤ ᠦᠶ᠎ᠡ ᠦᠭᠡᠢ᠂ ᠬᠡᠵᠢᠶᠡᠳᠡ ᠶᠠᠪᠤᠭᠳᠠᠨ᠎ᠠ᠃ ᠴᠠᠭ ᠢ | ᠤᠷᠲᠤᠳᠬᠠᠭᠰᠠᠨ ᠦᠢᠯᠡᠴᠢᠯᠡᠭᠡ ᠶᠢ ᠥᠷᠨᠢᠭᠦᠯᠦᠭᠰᠡᠨ ᠠᠴᠠ ᠨᠠᠰᠢ᠂ ᠬᠤᠰᠢᠭᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ ᠤᠨ ᠴᠣᠩᠬᠤᠪᠴᠢ ᠶᠢᠨ ᠠᠵᠢᠯᠲᠠᠨ ᠤ ︽ᠲᠣᠭᠲᠠᠭᠰᠠᠨ ᠴᠠᠭ ᠲᠤ ᠠᠵᠢᠯ ᠠᠴᠠ ᠪᠠᠨ | ᠪᠠᠭᠤᠬᠤ︾ ᠶᠢ ︽ᠬᠦᠢᠴᠡᠳᠬᠡᠵᠦ ᠲᠠᠭᠤᠰᠬᠠᠪᠠᠯ ᠰᠠᠶ᠋ᠢ ᠠᠵᠢᠯ ᠠᠴᠠ ᠪᠠᠨ ᠪᠠᠭᠤᠬᠤ︾ ᠪᠣᠯᠭᠠᠨ ᠬᠤᠪᠢᠷᠠᠭᠤᠯᠵᠤ᠂ | ︽ᠨᠢᠭᠡ ᠯᠡ ᠤᠳᠠᠭ᠎ᠠ ᠳᠤ ᠰᠠᠶᠢᠲᠤᠷ ᠬᠦᠢᠴᠡᠳᠭᠡᠬᠦ︾ ᠶᠢ ᠦᠨᠡᠨ ᠬᠦ ᠪᠣᠳᠠᠲᠠᠶ ᠨᠠᠶᠢᠳᠠᠪᠤᠷᠢᠵᠢᠭᠤᠯᠵᠤ᠂ | ᠴᠣᠩᠬᠤᠪᠴᠢ ᠪᠠᠷ ᠠᠵᠢᠯ ᠶᠠᠪᠤᠳᠠᠯ ᠬᠦᠢᠴᠡᠳᠭᠡᠬᠦ ᠳᠤ ᠲᠠᠰᠤᠷᠠᠯᠲᠠ ᠥᠬᠡᠶ᠂ ᠴᠢᠨᠠᠷ ᠰᠠᠶᠢᠲᠠᠶ ᠦᠢᠯᠡᠴᠢᠯᠡᠭᠡ ᠪᠠᠷ | ᠳᠤᠲᠠᠬᠤ ᠥᠬᠡᠶ ᠪᠠᠶᠢᠬᠤ ᠶᠢ ᠦᠨᠡᠨ ᠬᠦ ᠪᠠᠲᠤᠯᠠᠵᠤ᠂ ︽ᠪᠥᠬᠦ ᠴᠠᠭ ᠬᠤᠭᠤᠴᠠᠭᠠᠨ ᠳᠤ ᠳᠠᠭᠠᠵᠤ᠂ ᠣᠯᠠᠨ | ᠲᠠᠯ᠎ᠠ ᠠᠴᠠ ᠬᠠᠮᠤᠷᠬᠤ︾ ᠴᠠᠭ ᠢ ᠤᠷᠲᠤᠳᠬᠠᠬᠤ ᠦᠢᠯᠡᠴᠢᠯᠡᠭᠡᠨ ᠤ ᠰᠢᠰᠲ᠋ᠧᠮ ᠢ ᠪᠠᠶᠢᠭᠤᠯᠪᠠ᠃ ᠲᠣᠰ | ᠦᠢᠯᠡᠴᠢᠯᠡᠭᠡ ᠨᠢ ᠳᠣᠲᠣᠭᠠᠳᠤ ᠶᠢ ᠬᠠᠮᠠᠭᠠᠯᠠᠬᠤ᠂ ᠡᠮ ᠡᠮᠨᠡᠯᠭᠡ ᠶᠢᠨ ᠳᠠᠭᠠᠳᠬᠠᠯ᠂ ᠨᠡᠶᠢᠭᠡᠮ ᠤᠨ ᠳᠠᠭᠠᠳᠬᠠᠯ ᠵᠡᠷᠭᠡ | 78 ᠥᠨᠳᠥᠷ ᠳᠠᠪᠲᠠᠮᠵᠢᠲᠤ ᠵᠦᠢᠯᠡᠰ ᠢ ᠬᠠᠮᠤᠷᠴᠤ᠂ ᠴᠠᠭ ᠲᠤᠬᠠᠶ ᠳᠤᠨᠢ ᠳᠠᠭᠠᠬᠤ᠂ ᠣᠷᠭᠢᠯ ᠠᠴᠠ ᠵᠥᠷᠢᠭᠦᠯᠦᠨ | ᠪᠣᠯᠵᠣᠬᠤ᠂ ᠣᠶᠤᠨᠴᠢ ᠪᠠᠷ ᠥᠪᠡᠰᠦᠪᠡᠨ ᠦᠢᠯᠡᠴᠢᠯᠡᠬᠦ ᠵᠠᠭᠪᠤᠷ ᠢᠶᠠᠷ ᠳᠠᠮᠵᠢᠭᠤᠯᠤᠨ᠂ ᠣᠯᠠᠨ ᠲᠦᠮᠡᠨ ᠪᠠ ᠠᠵᠤ | ᠠᠬᠤᠶᠢᠯᠠᠯ ᠤᠨ ᠠᠵᠢᠯ ᠶᠠᠪᠤᠳᠠᠯ ᠭᠦᠢᠴᠡᠳᠭᠡᠬᠦ ᠬᠡᠷᠡᠭᠴᠡᠭᠡ ᠶᠢ ᠪᠥᠬᠦ ᠲᠠᠯ᠎ᠠ ᠪᠠᠷ ᠬᠠᠩᠭᠠᠪᠠ᠃ ᠣᠲᠣ ᠪᠣᠯᠲᠠᠯ᠎ᠠ᠂ | ᠨᠡᠶᠢᠲᠡ 4000 ᠭᠠᠷᠤᠶ ᠬᠤᠪᠢ ᠲᠤᠬᠠᠶᠢᠯᠠᠭᠰᠠᠨ ᠠᠵᠢᠯ ᠢ ᠬᠦᠢᠴᠡᠳᠭᠡᠵᠦ᠂ ᠣᠯᠠᠨ ᠲᠦᠮᠡᠨ ᠤ ᠬᠠᠨᠤᠮᠵᠢ ᠶᠢᠨ | ᠬᠡᠮᠵᠢᠶ᠎ᠡ 100 % ᠳᠤ ᠬᠦᠷᠴᠡᠶ᠃ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠵᠢᠶᠠ ᠼᠦᠢ ᠬᠤᠩ | ᠄ ︽ᠲᠠᠷᠠᠭᠠᠴᠢ ᠶᠢᠨ ᠠᠯᠬᠤᠮ ᠳᠤ᠂ ᠪᠢᠳᠡ ᠠᠵᠤ ᠠᠬᠤᠶᠢᠯᠠᠯ ᠤᠨ ᠣᠯᠠᠨ ᠲᠦᠮᠡᠨ ᠤ ᠪᠣᠳᠠᠲᠠᠶ ᠬᠡᠷᠡᠭᠴᠡᠭᠡ | ᠱᠠᠭᠠᠷᠳᠠᠯᠭ᠎ᠠ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡᠨ ᠤ ᠲᠣᠭᠲᠠᠴᠠ ᠶᠢ | ᠦᠷᠭᠦᠯᠵᠢᠯᠡᠨ ᠰᠢᠯᠢᠳᠡᠭᠵᠢᠭᠦᠯᠵᠦ᠂ ᠥᠨᠳᠥᠷ ᠳᠠᠪᠲᠠᠮᠵᠢᠲᠤ ᠵᠦᠢᠯᠡᠰ ᠤᠨ ᠴᠤᠩᠬᠤᠪᠴᠢ ᠪᠠ ᠴᠠᠭ ᠢ ᠤᠷᠲᠤᠳᠬᠠᠬᠤ | ᠦᠢᠯᠡᠴᠢᠯᠡᠭᠡᠨ ᠤ ᠴᠠᠭ ᠢ ᠠᠮᠢᠳᠤᠯᠢᠭ ᠢᠶᠠᠷ ᠲᠣᠬᠢᠷᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠣᠨᠣᠪᠴᠢ ᠶᠢᠨ ᠬᠡᠮᠵᠢᠶ᠎ᠡ ᠪᠠ ᠳᠥᠭᠦᠮ ᠳᠥᠲᠡ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠬᠤᠷᠳᠤᠴᠠ ᠲᠠᠢ ᠪᠥᠭᠡᠳ ᠲᠠᠭᠠᠯᠠᠮᠵᠢᠳᠠᠢ ᠪᠤᠯᠭᠠᠨ᠎ᠠ ᠭᠡᠵᠦ ᠢᠯᠡᠳᠬᠡᠪᠡ᠃ | |