ᠪᠠᠶᠠᠨᠲᠠᠯ᠎ᠠ ᠰᠤᠮᠤ ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/30
      5 ᠰᠠᠷ᠎ᠠ ᠶᠢᠨ 29 ᠤ ᠡᠳᠦᠷ᠂ ᠪᠠᠶᠠᠨᠲᠠᠯ᠎ᠠ ᠰᠤᠮᠤ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠪᠦᠯᠬᠦᠮᠳᠡᠨ ᠲᠡᠮᠡᠴᠡᠵᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ︾ ᠪᠠᠷ ᠭᠤᠤᠯ ᠰᠡᠳᠦᠪ ᠪᠣᠯᠭᠠᠭᠰᠠᠨ ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠠᠬᠤᠢ ᠲᠠᠯᠠᠪᠠᠢ ᠳᠤ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠲᠠᠮᠵᠢᠭᠤᠯᠤᠨ᠂ ᠥᠷᠭᠡᠨ ᠤᠯᠠᠨ ᠠᠷᠠᠳ ᠲᠦᠮᠡᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠲᠦᠷᠢᠮ︾᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠴᠡᠷᠢᠭ ᠡᠯᠰᠡᠬᠦ ᠵᠡᠷᠭᠡ ᠬᠠᠮᠢᠶ᠎ᠠ ᠪᠦᠬᠦᠢ ᠬᠠᠤᠯᠢ ᠲᠣᠭᠲᠠᠭᠠᠯ ᠢ ᠤᠬᠠᠭᠤᠯᠵᠤ᠂ ᠤᠯᠠᠨ ᠲᠦᠮᠡᠨ ᠢ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠪᠠᠷ ᠰᠢᠢᠳᠪᠤᠷᠢᠯᠡᠵᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠳᠤ ᠲᠦᠰᠢᠭᠯᠡᠬᠦ ᠶᠢ ᠬᠦᠳᠦᠯᠦᠨ ᠵᠢᠯᠣᠭᠤᠳᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠡᠳᠬᠢᠯ ᠤᠨ ᠭᠦᠨ ᠳᠤ ᠦᠨᠳᠦᠰᠦᠯᠡᠭᠦᠯᠬᠦ ᠶᠢ ᠠᠬᠢᠭᠤᠯᠪᠠ᠃    
微信图片_20250530110616.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号