ᠠᠯᠠᠰᠢᠨ ᠦᠬᠡᠷ ᠲᠡᠵᠢᠭᠡᠨ ᠦᠷᠡᠵᠢᠬᠦᠯᠬᠦ ᠰᠦᠷᠦᠭ ᠤᠨ ᠨᠡᠮᠡᠭᠳᠡᠯ ᠤᠨ ᠬᠡᠮᠵᠢᠶ᠎ᠡ ᠶᠢ ᠠᠬᠢᠭᠤᠯᠵᠤ᠂ | ᠮᠠᠯᠴᠢᠳ ᠤᠨ ᠣᠷᠣᠯᠭ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠴᠢᠨᠳᠠᠮᠤᠨᠢ ᠰᠤᠮᠤ | ᠲᠥᠷᠥᠯ ᠵᠤᠶᠢᠯ ᠤᠨ ᠲᠥᠰᠦᠯ ᠢ ᠴᠢᠩᠭ᠎ᠠ ᠬᠡᠷᠡᠭᠵᠢᠭᠦᠯᠵᠦ᠂ ᠨᠥᠬᠦᠪᠥᠷᠢ ᠣᠯᠭᠤᠬᠤ ᠡᠲᠡᠭᠡᠳ ᠢ ᠲᠣᠭᠲᠠᠭᠠᠨ᠂ | ᠦᠨᠢᠶᠡᠨ ᠤ ᠲᠤᠭ᠎ᠠ ᠶᠢ ᠬᠢᠨᠠᠨ ᠪᠠᠶᠢᠴᠠᠭᠠᠵᠤ᠂ ᠲᠥᠯᠥᠪᠯᠡᠭᠡ ᠳᠤ ᠣᠷᠣᠭᠤᠯᠤᠨ ᠨᠥᠬᠦᠪᠥᠷᠢ ᠥᠭᠬᠦ ᠡᠬᠡ ᠮᠠᠯ ᠢ | ᠨᠢᠭᠡᠳᠦᠯᠲᠡᠶ ᠳ᠋ᠤᠭᠠᠷᠯᠠᠵᠤ᠂ ᠡᠷᠦᠬᠡ ᠶᠢᠨ ᠲᠠᠩᠰᠠ ᠡᠪᠬᠡᠮᠡᠯ ᠪᠠᠶᠢᠭᠤᠯᠤᠨ᠂ ᠬᠡᠭᠡᠯᠲᠦᠭᠦᠯᠭᠡ ᠬᠢᠬᠦ ᠡᠳᠦᠷ | ᠬᠤᠭᠤᠴᠠᠭ᠎ᠠ᠂ ᠢᠴᠡᠭᠡᠯ ᠦᠷ᠎ᠡ ᠶᠢᠨ ᠳ᠋ᠤᠭᠠᠷ ᠪᠠ ᠲᠦᠯ ᠮᠠᠯ ᠤᠨ ᠪᠠᠶᠢᠳᠠᠯ ᠵᠡᠷᠭᠡ ᠵᠠᠩᠭᠢᠯᠠᠭ᠎ᠠ ᠶᠢᠨ ᠮᠡᠳᠡᠭᠡ | ᠵᠠᠩᠭᠢ ᠶᠢ ᠨᠠᠷᠢᠨ ᠲᠡᠮᠳᠡᠭᠯᠡᠵᠦ᠂ ᠦᠨᠢᠶ᠎ᠡ ᠶᠢ ᠨᠡᠮᠡᠭᠳᠡᠭᠦᠯᠤᠨ ᠶᠠᠰᠤ ᠴᠢᠨᠠᠷ ᠢ ᠳᠡᠭᠡᠭᠰᠢᠯᠡᠭᠦᠯᠬᠦ ᠲᠥᠷᠥᠯ ᠵᠤᠶᠢᠯ ᠤᠨ | ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠬᠡᠷᠡᠭᠵᠢᠭᠦᠯᠪᠡ᠃ | | | |