ᠬᠤᠰᠢᠭᠤᠨ ᠤ ᠭᠠᠵᠠᠷ ᠤᠨ ᠲᠠᠰ ᠤᠨ ᠳᠠᠭᠠᠭᠠᠴᠢᠯᠠᠨ ᠬᠤᠯᠪᠤᠭᠠᠯᠠᠭᠰᠠᠨ ᠤᠳᠤᠷᠢᠳᠤᠯᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠶᠦᠩ ᠴᠢᠶᠠᠩ ᠰᠢᠶᠠᠩᠱᠠᠨ ᠪᠠᠯᠭᠠᠰᠤᠨ ᠳᠤ ᠭᠦᠨᠵᠡᠭᠡᠶᠢᠷᠡᠨ ᠣᠶ ᠰᠢᠭᠤᠶ ᠨᠤᠳᠤᠭ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2025/5/6
    5 ᠰᠠᠷ᠎ᠠ ᠶᠢᠨ 4 ᠤ ᠡᠳᠦᠷ᠂ ᠬᠤᠰᠢᠭᠤᠨ ᠤ ᠭᠠᠵᠠᠷ ᠤᠨ ᠲᠠᠰ ᠤᠨ ᠳᠠᠭᠠᠭᠠᠴᠢᠯᠠᠨ ᠬᠤᠯᠪᠤᠭᠠᠯᠠᠭᠰᠠᠨ ᠤᠳᠤᠷᠢᠳᠤᠯᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠶᠦᠩ ᠴᠢᠶᠠᠩ ᠰᠢᠶᠠᠩᠱᠠᠨ ᠪᠠᠯᠭᠠᠰᠤᠨ ᠳᠤ ᠭᠦᠨᠵᠡᠭᠡᠶᠢᠷᠡᠨ ᠣᠶ ᠰᠢᠭᠤᠶ ᠨᠤᠳᠤᠭ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠵᠢᠯᠣᠭᠤᠳᠴᠤ᠂ ᠪᠠᠯᠭᠠᠰᠤᠨ ᠤ ᠨᠠᠮ ᠵᠠᠰᠠᠭ ᠤᠨ ᠭᠤᠤᠯ ᠤᠳᠤᠷᠢᠳᠤᠯᠭ᠎ᠠ ᠪᠠᠷ᠎ᠠ ᠪᠤᠯᠪᠠ᠃     
微信图片_20250506094329.jpg
     ᠵᠠᠩ ᠶᠦᠩ ᠴᠢᠶᠠᠩ ᠡᠷᠬᠢᠯᠡᠭᠴᠢ ᠭᠤᠤᠯᠳᠠᠯᠭ᠎ᠠ ᠲᠠᠢ ᠵᠢᠷᠤᠭ ᠲᠤᠯᠪᠤ ᠶᠢᠨ ᠭᠠᠵᠠᠷ ᠲᠤ ᠭᠦᠨᠵᠡᠭᠡᠶᠢᠷᠡᠨ ᠠᠬᠤᠢ ᠭᠠᠵᠠᠷ ᠲᠤᠨᠢ ᠪᠠᠶᠢᠴᠠᠭᠠᠨ ᠦᠵᠡᠵᠦ᠂ ᠣᠶ ᠰᠢᠭᠤᠶ ᠨᠤᠳᠤᠭ ᠪᠡᠯᠴᠢᠭᠡᠷ ᠢ ᠡᠪᠳᠡᠭᠰᠡᠨ ᠠᠰᠠᠭᠤᠳᠠᠯ ᠤᠨ ᠵᠢᠷᠤᠭ ᠲᠣᠯᠪᠤ ᠶᠢ ᠴᠡᠭᠴᠡᠯᠡᠨ ᠰᠠᠶᠢᠵᠢᠷᠠᠭᠤᠯᠤᠭᠰᠠᠨ ᠠᠵᠢᠯ ᠤᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠲᠠᠷᠠᠭᠠᠴᠢ ᠶᠢᠨ ᠠᠯᠬᠤᠮ ᠳᠤ ᠣᠶ ᠰᠢᠭᠤᠶ ᠨᠤᠳᠤᠭ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠰᠠᠶᠢᠲᠤᠷ ᠬᠢᠬᠦ ᠲᠤᠬᠠᠶ ᠵᠢᠯᠤᠭᠤᠳᠪᠠ᠃     
微信图片_20250506094335.jpg
    ᠵᠠᠩ ᠶᠦᠩ ᠴᠢᠶᠠᠩ ᠡᠷᠬᠢᠯᠡᠭᠴᠢ ᠴᠢᠬᠤᠯᠠᠴᠢᠯᠠᠭᠰᠠᠨ ᠨᠢ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠰᠠᠭᠤᠳᠠᠯ ᠣᠷᠣᠰᠢᠵᠤ ᠪᠠᠶᠢᠭ᠎ᠠ ᠵᠢᠷᠤᠭ ᠲᠤᠯᠪᠢ ᠳᠤ ᠴᠢᠭᠯᠡᠭᠦᠯᠦᠨ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠴᠢᠩᠭ᠎ᠠ ᠲᠣᠳᠣᠷᠬᠠᠶᠢᠯᠠᠵᠤ᠂ ᠡᠳᠦᠷ ᠪᠦᠷᠢ ᠲᠣᠬᠢᠷᠠᠭᠤᠯᠤᠯᠲᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠢᠷᠤᠭ ᠲᠣᠯᠪᠤ ᠶᠢᠨ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠲᠦᠷᠭᠡᠳᠬᠡᠬᠦ ᠬᠡᠷᠡᠭᠲᠡᠶ᠃ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠦᠷᠭᠦᠯᠵᠢᠯᠡᠨ ᠪᠠᠲᠤᠯᠠᠵᠤ᠂ ᠲᠣᠭᠤᠷᠢᠨ ᠪᠠᠶᠢᠴᠠᠭᠠᠵᠤ ᠬᠠᠮᠢᠶᠠᠷᠤᠨ ᠬᠠᠮᠠᠭᠠᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ︽ᠨᠡᠮᠡᠭᠳᠡᠯ ᠢ ᠬᠢᠵᠠᠭᠠᠷᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠠᠮᠢ ᠠᠬᠤᠢ ᠶᠢᠨ ᠬᠠᠮᠠᠭᠠᠯᠠᠯᠲᠠ ᠶᠢᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠤᠯᠠᠨ ᠲᠦᠮᠡᠨ ᠳᠤ ᠤᠢ ᠰᠢᠭᠤᠢ ᠨᠤᠳᠤᠭ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠦᠨᠡᠨ ᠬᠦ ᠣᠶᠢᠯᠠᠭᠠᠭᠤᠯᠬᠤ ᠶᠢᠨ ᠬᠠᠮᠲᠤ ᠬᠠᠮᠵᠢᠯᠴᠠᠭᠤᠯᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号