| ᠪᠣᠬᠢᠷᠲᠤᠯ ᠪᠤᠳᠠᠰ ᠭᠠᠳᠠᠭᠰᠢᠯᠠᠭᠤᠯᠬᠤ ᠵᠥᠪᠰᠢᠶᠡᠷᠡᠯ ᠤᠨ ︽ᠨᠢᠭᠡ ᠦᠨᠡᠮᠯᠡᠯ ᠤᠨ ᠬᠡᠯᠪᠡᠷᠢ︾ ᠶᠢᠨ ᠬᠢᠨᠠᠯᠲᠠ | ᠬᠠᠮᠢᠶᠠᠷᠤᠯᠲᠠ ᠶᠢᠨ ᠬᠦᠴᠦᠨ ᠴᠢᠳᠠᠪᠤᠷᠢ ᠶᠢ ᠴᠢᠩᠭᠠᠷᠠᠭᠤᠯᠵᠤ᠂ ᠠᠵᠤ ᠠᠬᠤᠶᠢᠯᠠᠯ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠤᠰᠠᠳᠠ | ᠂ ᠲᠦᠩᠯᠢᠶᠣᠤ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠨᠢ ᠵᠠᠷᠤᠳ ᠬᠤᠰᠢᠭᠤᠨ ᠤ ᠠᠮᠢ | ᠠᠬᠤᠶ ᠣᠷᠴᠢᠨ ᠲᠣᠭᠤᠷᠢᠨ ᠤ ᠲᠣᠪᠴᠢᠶ᠎ᠠ ᠲᠠᠢ ᠬᠠᠮᠲᠤᠷᠠᠨ᠂ ᠠᠵᠤ ᠠᠬᠤᠶᠢᠯᠠᠯ ᠳᠤ ᠭᠦᠨᠵᠡᠭᠡᠶᠢᠷᠡᠨ ᠪᠣᠬᠢᠷᠲᠤᠯ | ᠪᠤᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠲᠤᠰᠬᠠᠶ | ᠬᠠᠪᠰᠤᠷᠤᠨ ᠲᠡᠳᠬᠦᠬᠦ ᠠᠵᠢᠯᠯᠠᠭ᠎ᠠ ᠶᠢ ᠥᠷᠨᠢᠭᠦᠯᠵᠦ᠂ ︽ᠲᠤᠬᠠᠶ ᠶᠢᠨ ᠲᠠᠯᠠᠪᠠᠶ ᠳᠤ ᠬᠠᠷᠭᠤᠭᠤᠯᠤᠨ ᠪᠠᠶᠢᠴᠠᠭᠠᠬᠤ | + ᠣᠨᠣᠴᠠᠲᠠᠢ ᠵᠢᠯᠣᠭᠤᠳᠣᠯᠭ᠎ᠠ ᠬᠢᠬᠦ︾ ᠵᠠᠭᠪᠤᠷ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ ᠣᠷᠴᠢᠨ | ᠲᠣᠭᠤᠷᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠦ᠂ ᠪᠣᠬᠢᠷᠲᠤᠯ | ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠪᠡᠶᠡᠯᠡᠭᠦᠯᠪᠡ᠃ ᠠᠵᠤ ᠠᠬᠤᠶᠢᠯᠠᠯ ᠤᠨ ᠪᠣᠬᠢᠷᠲᠤᠯ ᠪᠤᠳᠠᠰ | ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠤᠨ ᠠᠭᠤᠯᠭ᠎ᠠ ᠯᠤᠭ᠎ᠠ ᠴᠢᠩᠭ᠎ᠠ ᠬᠠᠷᠭᠤᠭᠤᠯᠵᠤ᠂ | ᠦᠢᠯᠡᠳᠪᠦᠷᠢᠯᠡᠯ ᠤᠨ ᠪᠡᠯᠡᠳᠬᠡᠮᠵᠢ᠂ ᠪᠣᠬᠢᠷᠲᠤᠯ ᠢ ᠰᠡᠷᠭᠡᠶᠢᠯᠡᠨ ᠵᠠᠰᠠᠬᠤ ᠪᠡᠯᠡᠳᠬᠡᠮᠵᠢ ᠶᠢᠨ ᠠᠵᠢᠯᠯᠠᠭᠠᠨ ᠵᠢᠴᠢ | ᠪᠣᠬᠢᠷᠲᠤᠯ ᠪᠤᠳᠠᠰ ᠢ ᠭᠠᠳᠠᠭᠰᠢᠯᠠᠭᠤᠯᠵᠤ ᠪᠠᠶᠢᠭ᠎ᠠ ᠪᠠᠶᠢᠳᠠᠯ ᠢ ᠵᠦᠢᠯ ᠳᠠᠷᠠᠭᠠᠯᠠᠨ ᠬᠢᠨᠠᠨ ᠪᠠᠶᠢᠴᠠᠭᠠᠵᠤ᠂ ᠬᠠᠶᠠᠭᠳᠠᠮᠠᠯ | ᠬᠡᠶ ᠬᠠᠶᠠᠭᠳᠠᠮᠠᠯ ᠤᠰᠤ ᠶᠢ ᠭᠠᠳᠠᠭᠰᠢᠯᠠᠭᠤᠯᠬᠤ ᠠᠮᠠᠰᠠᠷ᠂ ᠬᠠᠲᠠᠭᠤ ᠪᠡᠶᠡᠲᠦ ᠬᠠᠶᠠᠭᠳᠠᠮᠠᠯ ᠡᠳ᠋ ᠢ ᠬᠠᠳᠠᠭᠠᠯᠠᠬᠤ | ᠲᠠᠯᠠᠪᠤᠷ ᠭᠠᠵᠠᠷ ᠵᠡᠷᠭᠡ ᠨᠢ ᠵᠥᠪᠰᠢᠶᠡᠷᠡᠯ ᠤᠨ ᠦᠨᠡᠮᠯᠡᠯ ᠯᠦᠭᠡ ᠨᠢᠭᠡᠳᠦᠯᠲᠡᠶ ᠪᠠᠶᠢᠬᠤ ᠡᠰᠡᠬᠦ ᠶᠢ ᠭᠤᠤᠯᠳᠠᠯᠭ᠎ᠠ ᠲᠠᠢ | ᠪᠠᠶᠢᠴᠠᠭᠠᠵᠤ᠂ ︽ᠵᠥᠪᠰᠢᠶᠡᠷᠡᠭᠦᠯᠦᠭᠡᠳᠦᠶ ᠪᠠᠷ ᠤᠷᠢᠳᠠᠪᠠᠷ ᠪᠠᠶᠢᠭᠤᠯᠤᠭᠰᠠᠨ︾᠂ ︽ᠳᠠᠯᠳᠠ ᠪᠠᠷ ᠪᠣᠬᠢᠷᠲᠤᠯ | ᠭᠠᠳᠠᠭᠰᠢᠯᠠᠭᠤᠯᠤᠭᠰᠠᠨ︾ ᠵᠡᠷᠭᠡ ᠳᠠᠯᠳᠠ ᠬᠡᠮ ᠣᠷᠣᠰᠢᠵᠤ ᠪᠠᠶᠢᠬᠤ ᠡᠰᠡᠬᠦ ᠶᠢ ᠵᠢᠭᠰᠠᠭᠠᠨ ᠪᠠᠶᠢᠴᠠᠭᠠᠪᠠ᠃ | ᠲᠣᠰ ᠤᠳᠠᠭᠠᠨ ᠤ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠳᠠᠷᠠᠭᠠᠬᠢ ᠬᠠᠪᠰᠤᠷᠤᠨ | ᠲᠡᠳᠬᠦᠬᠦ ᠠᠬᠤᠢ ᠲᠠᠯᠠᠪᠠᠶ ᠶᠢᠨ ᠪᠠᠶᠢᠴᠠᠭᠠᠨ ᠰᠢᠯᠭᠠᠬᠤ ᠠᠵᠢᠯ ᠢᠶᠠᠷ ᠳᠡᠮᠵᠢᠨ᠂ ᠠᠵᠤ ᠠᠬᠤᠶᠢᠯᠠᠯ ᠢ ᠬᠠᠪᠰᠤᠷᠤᠨ | ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠬᠠᠮᠢᠶᠠᠷᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ | ᠴᠠᠭ ᠲᠤᠬᠠᠶ ᠳᠤᠨᠢ ᠢᠯᠡᠷᠡᠭᠦᠯᠦᠨ ᠰᠢᠢᠳᠪᠦᠷᠢᠯᠡᠵᠦ᠂ ᠠᠵᠤ ᠠᠬᠤᠶᠢᠯᠠᠯ ᠤᠨ ᠣᠷᠴᠢᠨ ᠲᠣᠭᠤᠷᠢᠨ ᠤ | ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠠᠵᠤ ᠠᠬᠤᠶᠢᠯᠠᠯ ᠤᠨ | ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ | ᠠᠵᠤ ᠠᠬᠤᠶᠢᠯᠠᠯ ᠤᠨ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠪᠠᠲᠤ ᠪᠠᠬᠢ ᠪᠠᠲᠤᠯᠠᠭ᠎ᠠ | ᠬᠠᠩᠭᠠᠭᠰᠠᠨ ᠪᠠᠶᠢᠨ᠎ᠠ᠃ | |