ᠵᠠᠷᠤᠳ ᠬᠤᠰᠢᠭᠤ 2025 ᠣᠨ ᠤ ᠶᠡᠭᠡ ᠳᠡᠭᠡᠳᠦ ᠰᠤᠷᠭᠠᠭᠤᠯᠢ ᠪᠠ ᠦᠨᠳᠦᠷ ᠵᠡᠷᠭᠡ ᠶᠢᠨ ᠳᠣᠮᠳᠠᠲᠣ ᠰᠣᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠶᠠᠪᠤᠳᠠᠯ ᠤᠨ ᠠᠵᠢᠯ ᠤᠨ ᠪᠣᠯᠪᠠᠰᠤᠷᠠᠯ ᠤᠨ ᠬᠤᠷᠠᠯ ᠬᠢᠪᠠ
ᠨᠡᠶᠢᠲᠡᠯᠡᠭᠰᠡᠨ ᠴᠠᠭ᠄
2025/6/3
      5 ᠰᠠᠷ᠎ᠠ ᠶᠢᠨ 30  ᠤ ᠡᠳᠦᠷ᠂ ᠵᠠᠷᠤᠳ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ 2025 ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠶᠠᠪᠤᠳᠠᠯ ᠤᠨ ᠠᠵᠢᠯ ᠤᠨ ᠪᠣᠯᠪᠠᠰᠤᠷᠠᠯ ᠤᠨ ᠬᠢᠪᠡ᠃ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶᠠᠨ ᠤ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠳᠠᠷᠤᠭ᠎ᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠤᠨ ᠡᠷᠬᠢᠯᠡᠭᠴᠢ ᠬᠤᠷᠠᠯ ᠡᠷᠭᠢᠯᠡᠪᠡ᠃     ᠬᠤᠷᠠᠯ ᠠᠴᠠ ᠲᠦᠩᠯᠢᠶᠣᠤ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠲᠦᠩᠯᠢᠶᠣᠤ ᠬᠤᠲᠠ ᠶᠢᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠪ ᠤᠨ ᠣᠶᠢᠷ᠎ᠠ ᠶᠢᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ᠂ ᠥᠨᠳᠥᠷ ᠳᠤᠮᠳᠠᠳᠤ ᠳᠤ ᠰᠣᠷᠣᠭᠴᠢ ᠡᠯᠰᠡᠬᠦ ᠰᠢᠯᠭᠠᠯᠲᠠ ᠶᠢᠨ ᠠᠵᠢᠯ ᠤᠨ ᠲᠤᠬᠠᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠰᠢᠯᠭᠠᠯᠲᠠ ᠶᠢᠨ ᠠᠵᠢᠯ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ᠂ ᠥᠨᠳᠥᠷ ᠳᠤᠮᠳᠠᠳᠤ ᠳᠤ ᠰᠣᠷᠣᠭᠴᠢ ᠡᠯᠰᠡᠬᠦ ᠰᠢᠯᠭᠠᠯᠲᠠ ᠶᠢᠨ ᠥᠭᠡᠷᠡᠴᠢᠯᠡᠯᠲᠡ ᠶᠢᠨ ᠰᠢᠨ᠎ᠡ ᠬᠤᠪᠢᠷᠠᠯᠲᠠ ᠨᠢ ᠰᠢᠯᠭᠠᠯᠲᠠ ᠶᠢᠨ ᠠᠵᠢᠯ ᠳᠤ ᠦᠵᠡᠭᠦᠯᠬᠦ ᠥᠷᠢᠰᠥᠯᠳᠦᠭᠡᠨ᠂ ᠰᠢᠯᠭᠠᠯᠲᠠ ᠶᠢᠨ ᠭᠤᠤᠯᠳᠠᠯᠭ᠎ᠠ ᠲᠠᠢ ᠭᠤᠭᠴᠤᠭ᠎ᠠ᠂ ᠰᠢᠯᠭᠠᠯᠲᠠ ᠶᠢᠨ ᠬᠡᠷᠡᠭᠵᠢᠭᠦᠯᠬᠦ ᠨᠠᠷᠢᠨ ᠲᠦᠷᠢᠮ ᠤᠨ ᠲᠠᠯ᠎ᠠ ᠪᠠᠷ ᠨᠠᠷᠢᠨ ᠪᠣᠯᠪᠠᠰᠤᠷᠠᠭᠤᠯᠤᠯ ᠬᠢᠭᠰᠡᠨ ᠪᠠᠶᠢᠨ᠎ᠠ᠃    ᠬᠤᠷᠠᠯ ᠠᠴᠠ᠂ ᠡᠨᠡ ᠵᠢᠯ ᠪᠣᠯ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠪᠠ ᠥᠨᠳᠥᠷ ᠳᠤᠮᠳᠠᠳᠤ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠠᠩᠬᠠᠨ ᠤ ᠰᠢᠯᠭᠠᠯᠲᠠ ᠶᠢᠨ ᠵᠢᠯ ᠪᠣᠯᠤᠨ᠎ᠠ᠂ ᠲᠡᠷᠡ ᠨᠢ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠰᠢᠯᠭᠠᠬᠤ᠂ ᠨᠡᠶᠢᠭᠡᠮ ᠤᠨ ᠠᠩᠬᠠᠷᠤᠯ ᠳᠤ ᠬᠠᠷᠢᠭᠤ ᠥᠭᠬᠦ᠂ ᠰᠢᠯᠭᠠᠭᠤᠯᠤᠭᠴᠢ ᠶᠢᠨ ᠬᠦᠰᠡᠯ ᠡᠷᠡᠮᠡᠯᠵᠡᠯ ᠢᠶᠠᠨ ᠪᠡᠶᠡᠯᠡᠭᠦᠯᠬᠦ ᠳᠤ ᠬᠠᠪᠰᠣᠷᠤᠨ ᠳᠡᠮᠵᠢᠯᠭᠡ ᠦᠵᠡᠭᠦᠯᠬᠦ ᠴᠢᠬᠤᠯᠠ ᠶᠡᠭᠡ ᠡᠭᠦᠷᠭᠡ ᠶᠢ ᠡᠭᠦᠷᠭᠡᠯᠡᠵᠦ᠂ ᠠᠯᠤᠰ ᠬᠡᠲᠦ ᠶᠢᠨ ᠠᠴᠢ ᠬᠤᠯᠪᠣᠭᠳᠠᠯ ᠲᠠᠢ᠂ ᠡᠭᠦᠷᠭᠡ ᠬᠠᠲᠠᠭᠤ ᠪᠡᠷᠬᠡ ᠪᠠᠶᠢᠨ᠎ᠠ᠃ ᠪᠢᠳᠡ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠷ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ᠂ ᠥᠨᠳᠥᠷ ᠳᠤᠮᠳᠠᠳᠤ ᠳᠤ ᠰᠣᠷᠣᠭᠴᠢ ᠡᠯᠰᠡᠬᠦ ᠰᠢᠯᠭᠠᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠢᠯᠭᠠᠭᠤᠯᠤᠭᠴᠢ ᠳᠤ ᠦᠢᠯᠡᠴᠢᠯᠡᠬᠦ ᠠᠵᠢᠯ ᠢ ᠴᠢᠩ ᠰᠡᠳᠬᠢᠯ ᠠᠴᠠ ᠪᠠᠨ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ 2025 ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ᠂ ᠥᠨᠳᠥᠷ ᠳᠤᠮᠳᠠᠳᠤ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠰᠢᠯᠭᠠᠯᠲᠠ ᠶᠢᠨ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ ᠥᠷᠢᠰᠥᠯᠳᠦᠭᠡᠨ ᠢ ᠣᠨᠣᠪᠴᠢᠲᠠᠶ ᠡᠵᠡᠮᠳᠡᠵᠦ᠂ ᠵᠤᠷᠰᠢᠯᠳᠤ ᠰᠡᠳᠬᠢᠬᠦᠶ ᠪᠠ ᠠᠷᠭ᠎ᠠ ᠵᠠᠮ ᠤᠨ ᠲᠦᠰᠢᠭᠯᠡᠯ ᠠᠴᠠ ᠮᠤᠯᠲᠤᠷᠠᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠦᠨ᠂ ᠠᠵᠢᠯ ᠤᠨ ᠲᠣᠭᠲᠠᠴᠠ ᠪᠠᠨ ᠪᠦᠷᠢᠨᠰᠢᠬᠦᠯᠵᠦ᠂ ᠰᠢᠯᠭᠠᠯᠲᠠ ᠶᠢᠨ ᠠᠵᠢᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠬᠤᠶᠠᠷ ᠲᠤ᠂ ᠰᠢᠯᠭᠠᠯᠲᠠ ᠶᠢᠨ ᠳᠤᠭᠤᠶᠢᠯᠠᠩ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠎ᠠ᠃ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ᠂ ᠥᠨᠳᠥᠷ ᠳᠤᠮᠳᠠᠳᠤ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠳᠤᠭᠤᠶᠢᠯᠠᠩ ᠤᠨ ᠰᠢᠯᠭᠠᠯᠲᠠ ᠨᠢ ᠭᠤᠭᠴᠤᠭ᠎ᠠ ᠣᠯᠠᠨ᠂ ᠬᠡᠯᠬᠢᠶ᠎ᠡ ᠣᠷᠳᠣ᠂ ᠦᠷᠭᠦᠯᠵᠢᠯᠡᠬᠦ ᠴᠠᠭ ᠨᠢ ᠣᠷᠳᠣ ᠪᠠᠶᠢᠵᠤ᠂ ᠳᠡᠭᠡᠳᠦ ᠰᠢᠨᠵᠢᠯᠡᠭᠡ ᠮᠡᠷᠭᠡᠵᠢᠯ ᠤᠨ ᠬᠡᠮ ᠬᠢᠬᠦ᠂ ᠰᠢᠯᠭᠠᠯᠲᠠ ᠳᠤ ᠬᠤᠯᠪᠣᠭᠳᠠᠬᠤ ᠭᠡᠨᠡᠳᠲᠡ ᠶᠢᠨ ᠪᠠᠶᠢᠳᠠᠯ᠂ ᠳᠣᠲᠣᠭᠠᠳᠤ ᠶᠢᠨ ᠬᠠᠮᠢᠶᠠᠷᠤᠯᠲᠠ ᠪᠠᠭᠤᠷᠠᠶ ᠪᠠᠶᠢᠬᠤ ᠵᠡᠷᠭᠡ ᠠᠶᠤᠯ ᠲᠦᠭᠰᠢᠭᠦᠷᠢ ᠪᠠ ᠥᠷᠢᠰᠥᠯᠳᠦᠭᠡᠨ ᠳᠤ ᠡᠷᠬᠡᠪᠰᠢ ᠬᠡᠯᠬᠢᠶ᠎ᠡ ᠨᠢᠭᠡᠪᠦᠷᠢ ᠨᠢ ᠠᠪᠴᠠᠯᠳᠤᠵᠤ᠂ ᠭᠤᠭᠴᠤᠭ᠎ᠠ ᠨᠢᠭᠡᠪᠦᠷᠢ ᠨᠢ ᠠᠮᠤᠷ ᠲᠦᠪᠰᠢᠨ ᠪᠠᠶᠢᠬᠤ ᠬᠡᠷᠡᠭᠲᠡᠶ᠃ ᠭᠤᠷᠪᠠ ᠳᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠰᠢᠯᠭᠠᠯᠲᠠ ᠶᠢᠨ ᠪᠥᠬᠦ ᠶᠠᠪᠤᠴᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢ ᠳᠠᠬᠢᠨ ᠪᠣᠳᠠᠲᠠᠶᠢᠵᠢᠭᠤᠯᠬᠤ᠂ ᠠᠵᠢᠯ ᠤᠨ ᠪᠠᠶᠢᠷᠢ ᠶᠢᠨ ᠬᠠᠮᠵᠢᠯᠴᠠᠭ᠎ᠠ ᠶᠢ ᠳᠠᠬᠢᠨ ᠴᠢᠩᠭᠠᠳᠬᠠᠬᠤ᠂ ᠱᠠᠭᠠᠷᠳᠠᠨ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠶᠢ ᠳᠠᠬᠢᠨ ᠴᠢᠩᠳᠠᠯᠠᠬᠤ ᠶᠢ ᠠᠬᠢᠭᠤᠯᠵᠤ᠂ ᠰᠢᠯᠭᠠᠯᠲᠠ ᠶᠢᠨ ᠠᠵᠢᠯ ᠤᠨ ᠵᠢᠷᠤᠮᠵᠢᠯ ᠲᠠᠢ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃    ᠵᠠᠷᠤᠳ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ᠂ ᠵᠠᠷᠤᠳ ᠬᠤᠰᠢᠭᠤᠨ ᠤ ᠮᠣᠩᠭᠤᠯ ᠦᠨᠳᠦᠰᠦᠲᠡᠨ ᠤ ᠨᠢᠭᠡᠳᠦᠭᠡᠷ ᠳᠤᠮᠳᠠᠳᠤ ᠰᠤᠷᠭᠠᠭᠤᠯᠢ᠂ ᠵᠠᠷᠤᠳ ᠬᠤᠰᠢᠭᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠤᠨ ᠰᠢᠯᠭᠠᠯᠲᠠ ᠶᠢᠨ ᠴᠡᠭ ᠤᠨ ᠬᠠᠮᠢᠶ᠎ᠠ ᠪᠥᠬᠦᠶ ᠰᠢᠯᠭᠠᠯᠲᠠ ᠶᠢᠨ ᠶᠠᠪᠤᠳᠠᠯ ᠤᠨ ᠠᠵᠢᠯᠲᠠᠨ᠂ ᠰᠣᠷᠣᠭᠴᠢ ᠡᠯᠰᠡᠬᠦ ᠰᠢᠯᠭᠠᠯᠲᠠ ᠶᠢᠨ ᠲᠥᠪ ᠤᠨ ᠠᠵᠢᠯᠲᠠᠨ ᠬᠤᠷᠠᠯ ᠳᠤ ᠣᠷᠣᠯᠴᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号