| | 01 ᠳᠦᠷᠢᠮ ᠢ ᠲᠣᠭᠲᠠᠭᠠᠭᠰᠠᠨ ᠠᠬᠤᠢ ᠪᠠᠶᠢᠳᠠᠯ | ᠥᠪᠥᠷ ᠮᠣᠩᠭᠤᠯ ᠤᠯᠤᠰ ᠤᠨ ᠳᠣᠲᠣᠭᠠᠳᠤ ᠳᠤ ᠪᠠᠨ ᠨᠠᠢᠮᠠᠨ ᠮᠤᠵᠢ ᠲᠠᠢ ᠬᠤᠯᠪᠣᠯᠳᠤᠵᠤ᠂ ᠭᠠᠳᠠᠭᠰᠢ ᠪᠠᠨ | ᠣᠷᠣᠰ ᠮᠣᠩᠭᠤᠯ ᠲᠠᠢ ᠬᠥᠷᠰᠢᠯᠡᠵᠦ᠂ ᠣᠷᠣᠨ ᠪᠠᠶᠢᠷᠢ ᠶᠢᠨ ᠳᠠᠪᠠᠭᠤᠯᠢᠭ ᠲᠠᠯ᠎ᠠ ᠣᠯᠠᠨ ᠠᠴᠠ ᠣᠨᠴᠠᠭᠠᠶ ᠪᠠᠶᠢᠳᠠᠭ᠂ | ᠲᠡᠦᠬᠡᠨ ᠳᠤ ᠪᠠᠨ ᠳᠠᠷᠤᠢ ︽ᠲᠠᠯ᠎ᠠ ᠨᠤᠲᠤᠭ ᠤᠨ ᠲᠣᠷᠭᠠᠨ ᠤ ᠵᠠᠮ︾ ᠪᠠ ︽ᠲᠦᠮᠡᠨ ᠭᠠᠵᠠᠷ ᠤᠨ ᠴᠠᠢ ᠶᠢᠨ ᠵᠠᠮ︾ | ᠤᠨ ᠴᠢᠬᠤᠯᠠ ᠵᠠᠩᠭᠢᠯᠠᠭ᠎ᠠ ᠪᠠ ᠨᠡᠪᠲᠡᠷᠡᠯ ᠵᠠᠮ ᠮᠥᠨ ᠪᠠᠶᠢᠵᠤ᠂ ᠣᠳᠣ ᠨᠡᠩ ᠴᠤ ᠳᠤᠮᠳᠠᠳᠤ ᠮᠣᠩᠭᠤᠯ ᠣᠷᠣᠰ ᠤᠨ | ᠠᠵᠤ ᠠᠬᠤᠢ ᠶᠢᠨ ᠬᠤᠩᠭᠢᠯ ᠤᠨ ᠴᠢᠬᠤᠯᠠ ᠵᠠᠩᠭᠢᠯᠠᠭ᠎ᠠ ᠶᠢᠨ ᠴᠡᠭ ᠪᠠᠶᠢᠵᠤ᠂ ᠳᠤᠮᠳᠠᠳᠤ ᠤᠯᠤᠰ ᠤᠨ ᠪᠠᠷᠠᠭᠤᠨ | ᠬᠡᠰᠡᠭ ᠤᠨ ᠬᠠᠭᠤᠷᠠᠢ ᠳᠠᠯᠠᠶ ᠶᠢᠨ ᠰᠢᠨ᠎ᠡ ᠨᠡᠪᠲᠡᠷᠡᠯ ᠵᠠᠮ ᠤᠨ ᠴᠢᠬᠤᠯᠠ ᠡᠭᠦᠳᠡ ᠪᠣᠯᠵᠤ ᠪᠠᠶᠢᠨ᠎ᠠ᠃ ᠤᠯᠤᠰ ᠤᠨ | ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠪᠣᠯ ᠶᠡᠷᠦᠩᠬᠡᠢ ᠱᠦᠵᠢ ᠰᠢ ᠶᠢᠨ | ᠫᠢᠩ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠢᠭᠡᠳᠦᠯᠲᠡᠢ ᠲᠥᠯᠥᠪᠯᠡᠵᠦ ᠥᠪᠥᠷ | ᠮᠣᠩᠭᠤᠯ ᠤᠨ ᠪᠠᠶᠢᠳᠠᠯ ᠳᠤ ᠲᠣᠬᠢᠷᠠᠭᠤᠯᠤᠨ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ | ᠮᠥᠷᠲᠡᠭᠡᠨ ᠥᠪᠥᠷ ᠮᠣᠩᠭᠤᠯ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠶᠢᠨ | ᠴᠢᠬᠤᠯᠠ ᠲᠦᠰᠢᠭ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ | ᠳᠣᠲᠣᠭᠠᠳᠤ ᠶᠢᠨ ᠶᠡᠭᠡ ᠣᠷᠴᠢᠯ ᠤᠨ ᠴᠢᠬᠤᠯᠠ ᠵᠠᠩᠭᠢᠯᠠᠭ᠎ᠠ ᠶᠢᠨ ᠴᠡᠭ ᠪᠠ ᠤᠯᠤᠰ ᠤᠨ ᠳᠣᠲᠣᠭᠠᠳᠤ ᠶᠢᠨ ᠪᠠ | ᠤᠯᠠᠨ ᠤᠯᠤᠰ ᠤᠨ ᠬᠤᠣᠰ ᠣᠷᠴᠢᠯ ᠤᠨ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠬᠤ ᠴᠡᠭ ᠢ ᠴᠣᠭᠴᠠᠯᠠᠵᠤ᠂ | ᠤᠯᠤᠰ ᠤᠨ ᠳᠣᠲᠣᠭᠠᠳᠤ ᠶᠢᠨ ᠪᠠ ᠤᠯᠠᠨ ᠤᠯᠤᠰ ᠤᠨ ᠬᠤᠣᠰ ᠣᠷᠴᠢᠯ ᠢ ᠬᠤᠯᠪᠣᠬᠤ ᠳᠤ ᠨᠡᠩ ᠶᠡᠭᠡ ᠦᠢᠯᠡᠳᠦᠯ | ᠭᠠᠷᠭᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠤᠮᠠᠷᠠᠰᠢ | ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠦᠷᠢᠮ︾ ᠢ ᠲᠣᠭᠲᠠᠭᠠᠪᠠ᠃ | | 02 ᠳᠦᠷᠢᠮ ᠤᠨ ᠭᠤᠣᠯ ᠠᠭᠤᠯᠭ᠎ᠠ | ᠲᠣᠰ ᠳᠦᠷᠢᠮ ᠨᠢ ᠪᠣᠭᠤᠮᠲᠠ ᠪᠠ ᠡᠯ᠎ᠡ ᠲᠥᠷᠥᠯ ᠤᠨ ᠨᠡᠪᠲᠡᠷᠡᠯ ᠵᠠᠮ ᠵᠢᠴᠢ ᠠᠴᠢᠶᠠᠯᠠᠪᠤᠷᠢ ᠶᠢᠨ ᠪᠦᠲᠦᠭᠡᠨ | ᠪᠠᠶᠢᠭᠤᠯᠤᠯᠲᠠ ᠲᠠᠢ ᠨᠢᠭᠲᠠ ᠤᠶᠠᠯᠳᠤᠨ᠂ ᠬᠠᠮ ᠬᠢᠯᠢ ᠶᠢᠨ ᠪᠣᠭᠤᠮᠲᠠ ᠶᠢᠨ ᠠᠵᠤ ᠠᠬᠤᠢ ᠶᠢ ᠬᠥᠭᠵᠢᠭᠦᠯᠬᠦ ᠳᠤ | ᠬᠦᠴᠦᠯᠡᠪᠡ᠃ ᠳᠦᠷᠢᠮ ᠳᠤ ᠪᠣᠭᠤᠮᠲᠠ ᠶᠢᠨ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠵᠦ᠂ | ᠠᠮᠤᠭᠤᠯᠠᠩᠲᠤ᠂ ᠪᠦᠲᠦᠮᠵᠢ ᠲᠠᠢ᠂ ᠣᠶᠤᠨᠲᠤ᠂ ᠬᠠᠤᠯᠢᠵᠢᠯ ᠤᠨ᠂ ᠪᠣᠬᠢᠷᠲᠤᠯ ᠦᠭᠡᠢ ᠬᠢᠯᠢ ᠶᠢᠨ ᠪᠣᠭᠤᠮᠲᠠ ᠶᠢᠨ | ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠲᠣᠭᠲᠠᠭᠠᠪᠠ︔ ᠥᠪᠡᠷᠲᠡᠭᠡᠨ ᠵᠠᠰᠠᠬᠤ | ᠣᠷᠣᠨ ᠨᠡᠭᠡᠭᠡᠯᠲᠡ ᠶᠢᠨ ᠶᠡᠭᠡ ᠨᠡᠪᠲᠡᠷᠡᠯ ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠷᠣᠨ | ᠪᠠᠶᠢᠷᠢ ᠶᠢᠨ ᠳᠠᠪᠠᠭᠤᠯᠢᠭ ᠢᠶᠠᠨ ᠨᠡᠭᠡᠭᠡᠯᠲᠡ ᠶᠢᠨ ᠳᠠᠪᠠᠭᠤᠯᠢᠭ ᠪᠠ ᠬᠥᠭᠵᠢᠯᠲᠡ ᠶᠢᠨ ᠳᠠᠪᠠᠭᠤᠯᠢᠭ ᠪᠣᠯᠭᠠᠨ | ᠤᠯᠠᠷᠢᠭᠤᠯᠵᠤ᠂ ᠭᠠᠳᠠᠭᠠᠳᠤ ᠠᠴᠠ ᠣᠷᠣᠭᠤᠯᠬᠤ ᠡᠬᠢ ᠪᠠᠶᠠᠯᠢᠭ ᠢ ᠬᠢᠯᠢ ᠶᠢᠨ ᠪᠣᠭᠤᠮᠲᠠ ᠪᠠ ᠥᠷᠥᠴᠡ ᠭᠠᠵᠠᠷ ᠤᠨ | ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠨᠤᠲᠤᠭᠰᠢᠭᠤᠯᠤᠨ ᠡᠳ᠋ᠰᠢᠭᠦᠯᠬᠦ ᠶᠢ ᠠᠬᠢᠭᠤᠯᠵᠤ᠂ ᠠᠵᠤ | ᠠᠬᠤᠢ ᠶᠢᠨ ᠨᠡᠪᠳᠡᠷᠡᠯ ᠵᠠᠮ ᠢ ᠨᠡᠪᠳᠡᠷᠡᠯ ᠵᠠᠮ ᠤᠨ ᠠᠵᠤ ᠠᠬᠤᠢ ᠲᠡᠶᠢᠰᠢ ᠬᠤᠪᠢᠷᠠᠭᠤᠯᠬᠤ᠂ ᠳᠠᠮᠵᠢᠭᠤᠯᠭ᠎ᠠ ᠶᠢᠨ | ᠠᠵᠤ ᠠᠬᠤᠢ ᠶᠢ ᠨᠤᠲᠤᠭᠰᠢᠭᠰᠠᠨ ᠠᠵᠤ ᠠᠬᠤᠢ ᠲᠡᠶᠢᠰᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠲᠣᠰ ᠳᠦᠷᠢᠮ ᠨᠢ ᠣᠷᠣᠨ ᠪᠦᠰᠡ ᠶᠢᠨ ᠰᠣᠯᠢᠯᠴᠠᠭ᠎ᠠ ᠬᠠᠮᠵᠢᠯᠴᠠᠭ᠎ᠠ ᠶᠢ ᠴᠢᠩᠭᠠᠳᠬᠠᠬᠤ᠂ ᠤᠯᠤᠰ ᠤᠨ | ᠤᠮᠠᠷᠠᠰᠢ ᠨᠡᠭᠡᠭᠡᠯᠲᠡ ᠬᠢᠬᠦ ᠳᠤ ᠦᠢᠯᠡᠴᠢᠯᠡᠬᠦ ᠪᠠ ᠲᠡᠭᠦᠨ ᠢ ᠠᠬᠢᠭᠤᠯᠬᠤ ᠶᠢ ᠲᠤᠪᠤᠶᠢᠯᠭᠠᠪᠠ᠃ ᠳᠦᠷᠢᠮ ᠨᠢ | ᠤᠯᠤᠰ ᠤᠨ ᠳᠣᠲᠣᠭᠠᠳᠤ ᠶᠢᠨ ᠶᠡᠭᠡ ᠣᠷᠴᠢᠯ ᠳᠤ ᠰᠠᠭᠤᠷᠢᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ | ᠬᠤᠣᠰ ᠣᠷᠴᠢᠯ ᠢ ᠰᠠᠭᠠᠳ ᠦᠭᠡᠢ ᠨᠡᠪᠲᠡᠷᠡᠭᠦᠯᠦᠨ᠂ ᠥᠪᠡᠷᠲᠡᠭᠡᠨ ᠵᠠᠰᠠᠬᠤ ᠣᠷᠣᠨ ᠠᠴᠠ ᠬᠠᠮᠢᠶ᠎ᠠ ᠪᠦᠬᠦᠢ ᠮᠤᠵᠢ | ᠣᠷᠣᠨ ᠵᠢᠴᠢ ᠭᠠᠵᠠᠷ ᠣᠷᠣᠨ ᠤ ᠡᠬᠢ ᠪᠠᠶᠠᠯᠢᠭ ᠤᠨ ᠤᠤᠭᠠᠯ ᠨᠥᠭᠡᠴᠡ ᠬᠦᠴᠦᠨ ᠪᠠ ᠬᠠᠷᠢᠴᠠᠭᠤᠯᠤᠭᠰᠠᠨ | ᠳᠠᠪᠠᠭᠤᠯᠢᠭ ᠲᠠᠢ ᠤᠶᠠᠯᠳᠤᠭᠤᠯᠤᠨ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠬᠡᠪ ᠵᠠᠭᠪᠤᠷ ᠪᠠ | ᠠᠵᠢᠯᠯᠠᠭᠠᠨ ᠤ ᠲᠣᠭᠲᠠᠴᠠ ᠳᠤ ᠰᠢᠨ᠎ᠡ ᠶᠢ ᠡᠭᠦᠳᠴᠦ᠂ ᠣᠷᠣᠨ ᠪᠦᠰᠡ ᠠᠯᠤᠰᠯᠠᠨ ᠠᠵᠤ ᠦᠢᠯᠡᠰ ᠤᠨ ᠬᠦᠷᠢᠶᠡᠯᠡᠩ | ᠲᠣᠭᠤᠷᠢᠭ ᠢ ᠬᠠᠮᠲᠤ ᠪᠠᠷ ᠪᠠᠶᠢᠭᠤᠯᠬᠤ ᠶᠢ ᠳᠡᠮᠵᠢᠨ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠠᠴᠠ ᠬᠠᠮᠲᠤ ᠪᠠᠷ ᠪᠠᠶᠢᠭᠤᠯᠬᠤ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ ᠭᠡᠵᠦ ᠣᠨᠴᠠᠭᠠᠶᠢᠯᠠᠨ ᠴᠢᠬᠤᠯᠠᠴᠢᠯᠠᠪᠠ᠃ | ᠲᠣᠰ ᠳᠦᠷᠢᠮ ᠨᠢ ᠭᠠᠳᠠᠭᠠᠳᠤ ᠨᠡᠭᠡᠭᠡᠯᠲᠡ ᠶᠢᠨ ᠲᠦᠪᠰᠢᠨ ᠢ ᠳᠡᠭᠡᠭᠰᠢᠯᠡᠭᠦᠯᠬᠦ᠂ ᠥᠨᠳᠥᠷ ᠲᠦᠪᠰᠢᠨ ᠲᠠᠢ | ᠨᠡᠭᠡᠭᠡᠯᠲᠡ ᠪᠠᠷ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠳᠤ ᠭᠤᠣᠯᠯᠠᠭᠤᠯᠪᠠ᠃ | ᠳᠦᠷᠢᠮ ᠨᠢ ᠶᠡᠷᠦᠩᠬᠡᠢ ᠱᠦᠵᠢ ᠰᠢ ᠶᠢᠨ ᠫᠢᠩ ᠤᠨ ᠵᠢᠭᠠᠪᠤᠷᠢᠯᠠᠭᠰᠠᠨ ︽ᠥᠪᠥᠷ ᠮᠣᠩᠭᠤᠯ ︿ᠨᠢᠭᠡ ᠪᠦᠰᠡ ᠨᠢᠭᠡ | ᠵᠠᠮ﹀ ᠪᠠ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ | ᠢᠳᠡᠪᠬᠢᠲᠡᠢ ᠣᠷᠣᠯᠴᠠᠵᠤ᠂ ᠭᠠᠳᠠᠭᠠᠳᠤ ᠨᠡᠭᠡᠭᠡᠯᠲᠡ ᠶᠢᠨ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ︾ ᠭᠡᠬᠦ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠯᠪᠢᠬᠤ ᠬᠠᠮᠢᠶᠠᠷᠬᠤ | ᠦᠢᠯᠡᠴᠢᠯᠡᠬᠦ ᠶᠢᠨ ᠥᠭᠡᠷᠡᠴᠢᠯᠡᠯᠲᠡ᠂ ᠪᠡᠯᠡ ᠣᠷᠣᠭᠤᠯᠤᠯᠲᠠ ᠠᠷᠠᠯᠵᠢᠶ᠎ᠠ ᠶᠢ ᠳᠥᠭᠦᠮᠴᠢᠯᠡᠬᠦ ᠵᠡᠷᠭᠡ | ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠵᠠᠰᠠᠭ ᠤᠨ ᠣᠷᠳᠣᠨ ᠪᠠ | ᠬᠤᠳᠠᠯᠳᠤᠭᠠᠴᠢᠨ ᠤ ᠳᠣᠲᠣᠨᠣᠰᠤᠭ ᠴᠡᠪᠡᠷᠬᠡᠨ ᠬᠠᠷᠢᠴᠠᠭ᠎ᠠ ᠶᠢ ᠪᠠᠶᠢᠭᠤᠯᠵᠤ᠂ ᠡᠯ᠎ᠡ ᠲᠦᠷᠦᠯ ᠤᠨ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠪᠡᠯᠡ ᠮᠥᠩᠭᠦ᠂ ᠮᠡᠷᠭᠡᠵᠢᠯ᠂ ᠬᠥᠮᠥᠨ ᠤ ᠬᠦᠴᠦ᠂ ᠪᠠᠶᠢᠭᠠᠯᠢ ᠶᠢᠨ ᠡᠬᠢ | ᠪᠠᠶᠠᠯᠢᠭ ᠵᠡᠷᠭᠡ ᠦᠢᠯᠡᠳᠪᠦᠷᠢᠯᠡᠯ ᠤᠨ ᠬᠦᠴᠦᠨ ᠵᠦᠢᠯ ᠪᠠ ᠤᠯᠠᠨ ᠨᠡᠶᠢᠲᠡ ᠶᠢᠨ ᠦᠢᠯᠡᠴᠢᠯᠡᠭᠡ ᠶᠢ ᠬᠠᠤᠯᠢ | ᠶᠣᠰᠣᠭᠠᠷ ᠡᠷᠬᠡ ᠲᠡᠭᠰᠢ ᠪᠠᠷ ᠬᠡᠷᠡᠭᠯᠡᠬᠦ ᠶᠢ ᠪᠠᠲᠤᠯᠠᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ | ᠳᠡᠯᠡᠬᠡᠶᠢᠵᠢᠭᠰᠡᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠤᠢ ᠪᠣᠯᠭᠠᠬᠤ ᠶᠢ ᠴᠢᠬᠤᠯᠠᠴᠢᠯᠠᠪᠠ᠃ | 03 ︽ᠠᠵᠤ ᠠᠬᠤᠢ ᠶᠢᠨ ᠨᠡᠪᠲᠡᠷᠡᠯ ᠵᠠᠮ︾ ᠢ ︽ᠨᠡᠪᠲᠡᠷᠡᠯ ᠵᠠᠮ ᠤᠨ ᠠᠵᠤ ᠠᠬᠤᠢ︾ ᠪᠣᠯᠭᠠᠨ | ᠬᠤᠪᠢᠷᠠᠭᠤᠯᠬᠤ ᠶᠢ ᠠᠬᠢᠭᠤᠯᠵᠤ᠂ ︽ᠳᠠᠮᠵᠢᠭᠤᠯᠭ᠎ᠠ ᠶᠢᠨ ᠠᠵᠤ ᠠᠬᠤᠢ︾ ᠶᠢ ︽ᠨᠤᠲᠤᠭᠰᠢᠭᠰᠠᠨ ᠠᠵᠤ ᠠᠬᠤᠢ︾ | ᠪᠣᠯᠭᠠᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠪᠠ | ᠳᠦᠷᠢᠮ ᠳᠤ ︽ᠭᠠᠷ ᠳᠠᠮᠵᠢᠪᠠᠴᠤ ᠠᠰᠢᠭ ᠬᠦᠷᠲᠡᠬᠦ ᠦᠭᠡᠢ︾ ᠪᠠᠶᠢᠬᠤ ᠠᠰᠠᠭᠤᠳᠠᠯ ᠢ ᠰᠢᠢᠳᠪᠦᠷᠢᠯᠡᠬᠦ ᠳᠤ | ᠭᠤᠣᠯᠳᠠᠭᠤ ᠳᠠᠷᠠᠭᠠᠬᠢ ᠬᠡᠳᠦᠨ ᠲᠠᠯ᠎ᠠ ᠪᠠᠷ ᠲᠣᠭᠲᠠᠭᠠᠯ ᠭᠠᠷᠭᠠᠵᠠᠢ᠄ | ᠨᠢᠭᠡ ᠳᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠤ ᠨᠡᠪᠲᠡᠷᠡᠯ ᠵᠠᠮ ᠤᠨ ᠳᠠᠪᠠᠭᠤᠯᠢᠭ ᠢ | ᠪᠠᠳᠠᠷᠠᠭᠤᠯᠵᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠤ ᠨᠡᠪᠲᠡᠷᠡᠯ ᠵᠠᠮ ᠤᠨ ᠦᠢᠯᠡᠴᠢᠯᠡᠭᠡᠨ ᠤ | ᠴᠢᠳᠠᠮᠵᠢ ᠶᠢ ᠭᠦᠢᠴᠡᠳ ᠰᠠᠶᠢᠲᠤᠷ ᠬᠡᠷᠡᠭᠯᠡᠨ᠎ᠡ᠃ | ᠳᠦᠷᠢᠮ ᠳᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠤ ᠠᠩᠬᠠᠨ ᠤ ᠥᠷᠲᠡᠭᠡ ᠵᠢᠴᠢ | ᠠᠶᠠᠯᠠᠭᠤᠯᠬᠤ ᠵᠠᠮ ᠱᠤᠭᠤᠮ ᠢ ᠰᠢᠯᠢᠳᠡᠭᠵᠢᠭᠦᠯᠵᠦ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠤ | ᠲᠥᠪᠯᠡᠷᠡᠭᠦᠯᠦᠨ ᠲᠠᠷᠬᠠᠭᠠᠬᠤ ᠲᠥᠪ ᠢ ᠪᠠᠶᠢᠭᠤᠯᠵᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠤ | ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ᠂ ᠦᠢᠯᠡᠴᠢᠯᠡᠭᠡᠨ ᠤ ᠴᠢᠳᠠᠪᠤᠷᠢ ᠪᠠ | ᠲᠤᠬᠠᠢ ᠶᠢᠨ ᠭᠠᠵᠠᠷ ᠤᠨ ᠣᠷᠣᠯᠴᠠᠯᠭ᠎ᠠ ᠶᠢ ᠨᠡᠮᠡᠭᠳᠡᠭᠦᠯᠦᠨ᠎ᠡ︔ ᠪᠠᠷᠠᠭᠠᠨ ᠤ ᠢᠷᠡᠯᠲᠡ ᠶᠢ ᠵᠣᠬᠢᠶᠠᠨ | ᠪᠠᠶᠢᠭᠤᠯᠬᠤ ᠳᠤ ᠪᠠᠨ ᠬᠤᠣᠰ ᠴᠢᠭᠯᠡᠯ ᠢᠶᠠᠷ ᠵᠣᠬᠢᠶᠠᠨ ᠪᠠᠶᠢᠭᠤᠯᠬᠤ ᠠᠷᠭ᠎ᠠ ᠮᠠᠶ᠋ᠢᠭ ᠢ ᠥᠷᠭᠡᠳᠬᠡᠵᠦ᠂ ᠪᠠᠷᠠᠭᠠᠨ ᠤ | ᠭᠦᠢᠯᠭᠡᠭᠡ ᠶᠢ ᠨᠠᠶᠢᠳᠠᠪᠤᠷᠢᠵᠢᠭᠤᠯᠬᠤ᠂ ᠠᠷᠠᠯᠵᠢᠶ᠎ᠠ ᠶᠢ ᠨᠠᠶᠢᠳᠠᠪᠤᠷᠢᠵᠢᠭᠤᠯᠬᠤ ᠪᠠ ᠡᠳ᠋ᠰᠢᠭᠦᠯᠬᠦ ᠶᠢ | ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ᠬᠤᠶᠠᠷ ᠲᠤ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠢᠯᠢ ᠶᠢᠨ | ᠪᠣᠭᠤᠮᠲᠠ ᠪᠠ ᠨᠡᠪᠲᠡᠷᠡᠯ ᠵᠠᠮ ᠤᠨ ᠳᠠᠭᠠᠭᠠᠴᠠ ᠶᠢ ᠨᠡᠮᠡᠭᠳᠡᠭᠦᠯᠦᠨ᠎ᠡ᠃ | ᠳᠦᠷᠢᠮ ᠳᠤ᠂ ᠬᠢᠯᠢ ᠶᠢᠨ ᠪᠣᠭᠤᠮᠲᠠ ᠶᠢᠨ ᠴᠢᠳᠠᠮᠵᠢ ᠶᠢ ᠥᠷᠭᠡᠳᠬᠡᠨ ᠥᠭᠡᠷᠡᠴᠢᠯᠡᠬᠦ ᠶᠢ ᠠᠬᠢᠭᠤᠯᠵᠤ᠂ | ᠥᠷᠥᠴᠡ ᠭᠠᠵᠠᠷ ᠲᠤ ᠬᠠᠨᠳᠤᠭᠤᠯᠤᠭᠰᠠᠨ ᠴᠢᠬᠤᠯᠠ ᠶᠡᠭᠡ ᠰᠠᠭᠤᠷᠢ ᠪᠡᠯᠡᠳᠬᠡᠮᠵᠢ᠂ ᠴᠢᠬᠤᠯᠠ ᠵᠠᠩᠭᠢᠯᠠᠭ᠎ᠠ ᠶᠢᠨ | ᠴᠡᠭ ᠤᠨ ᠬᠤᠲᠠ᠂ ᠡᠳ᠋ ᠪᠠᠷᠠᠭ᠎ᠠ ᠶᠢ ᠲᠥᠪᠯᠡᠷᠡᠭᠦᠯᠦᠨ ᠲᠠᠷᠬᠠᠭᠠᠬᠤ ᠲᠥᠪ᠂ ᠭᠠᠳᠠᠭᠠᠳᠤ ᠳᠤ ᠭᠠᠷᠭᠠᠬᠤ | ᠦᠢᠯᠡᠳᠬᠦᠨ ᠤ ᠰᠠᠭᠤᠷᠢᠨ ᠭᠠᠵᠠᠷ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠪᠠ ᠡᠬᠢ ᠪᠠᠶᠠᠯᠢᠭ ᠢ | ᠤᠯᠠᠷᠢᠭᠤᠯᠬᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠨᠤᠲᠤᠭᠰᠢᠭᠤᠯᠤᠨ | ᠡᠳ᠋ᠰᠢᠭᠦᠯᠬᠦ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡ ᠵᠡᠷᠭᠡ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ | ᠭᠠᠳᠠᠭᠠᠳᠤ ᠠᠴᠠ ᠣᠷᠣᠭᠤᠯᠬᠤ ᠡᠬᠢ ᠪᠠᠶᠠᠯᠢᠭ ᠢ ᠬᠢᠯᠢ ᠶᠢᠨ ᠪᠣᠭᠤᠮᠲᠠ ᠪᠠ ᠥᠷᠥᠴᠡ ᠭᠠᠵᠠᠷ ᠤᠨ ᠠᠵᠤ | ᠦᠢᠯᠡᠰ ᠤᠨ ᠬᠦᠷᠢᠶᠡᠯᠡᠩ ᠲᠣᠭᠤᠷᠢᠭ ᠲᠤ ᠨᠤᠲᠤᠭᠰᠢᠭᠤᠯᠤᠨ ᠡᠳ᠋ᠰᠢᠭᠦᠯᠬᠦ ᠶᠢ ᠠᠬᠢᠭᠤᠯᠤᠨ᠎ᠠ ᠭᠡᠵᠦ ᠲᠣᠭᠲᠠᠭᠠᠵᠠᠢ᠃ | ᠭᠤᠷᠪᠠ ᠳᠤ᠂ ᠡᠯ᠎ᠡ ᠲᠦᠷᠦᠯ ᠤᠨ ᠨᠡᠭᠡᠭᠡᠯᠲᠡ ᠶᠢᠨ ᠲᠠᠪᠴᠠᠩ ᠤᠨ ᠴᠢᠳᠠᠪᠬᠢ ᠶᠢ ᠳᠡᠭᠡᠭᠰᠢᠯᠡᠭᠦᠯᠵᠦ᠂ | ᠭᠠᠳᠠᠭᠠᠳᠤ ᠨᠡᠭᠡᠭᠡᠯᠲᠡ ᠶᠢᠨ ᠲᠦᠪᠰᠢᠨ ᠢ ᠪᠦᠬᠦ ᠲᠠᠯ᠎ᠠ ᠪᠠᠷ ᠥᠷᠭᠡᠳᠬᠡᠨ᠎ᠡ᠃ | ᠳᠦᠷᠢᠮ ᠳᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠪᠠ ᠭᠠᠶᠢᠯᠢ ᠪᠠᠲᠤᠯᠠᠬᠤ ᠪᠠᠷᠠᠭᠠᠨ ᠤ | ᠭᠦᠢᠯᠭᠡᠭᠡᠨ ᠤ ᠲᠥᠪ ᠤᠨ ᠠᠵᠢᠯᠯᠠᠭᠠᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠨᠤᠲᠤᠭᠰᠢᠭᠤᠯᠤᠨ ᠡᠳ᠋ᠰᠢᠭᠦᠯᠬᠦ | ᠬᠠᠮᠢᠶ᠎ᠠ ᠪᠦᠬᠦᠢ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ︔ ᠬᠢᠯᠢ ᠶᠢᠨ ᠠᠷᠠᠳ ᠤᠨ ᠵᠠᠬ᠎ᠠ ᠶᠢᠨ | ᠭᠠᠳᠠᠭᠠᠳᠤ ᠠᠴᠠ ᠣᠷᠣᠭᠤᠯᠬᠤ ᠲᠠᠸᠠᠷ ᠢ ᠨᠤᠲᠤᠭᠰᠢᠭᠤᠯᠤᠨ ᠡᠳ᠋ᠰᠢᠭᠦᠯᠬᠦ ᠶᠢ ᠠᠬᠢᠭᠤᠯᠵᠤ᠂ ᠵᠠᠬ᠎ᠠ ᠶᠢᠨ | ᠠᠷᠠᠯᠵᠢᠶ᠎ᠠ ᠶᠢ ᠪᠣᠯᠪᠠᠰᠤᠷᠠᠭᠤᠯᠬᠤ᠂ ᠪᠡᠯᠡ ᠣᠷᠣᠭᠤᠯᠬᠤ᠂ ᠠᠷᠠᠯᠵᠢᠶ᠎ᠠ ᠶᠢ ᠨᠢᠭᠡ ᠴᠣᠭᠴᠠᠵᠢᠭᠤᠯᠬᠤ ᠴᠢᠭᠯᠡᠯ ᠲᠡᠶᠢᠰᠢ | ᠬᠥᠭᠵᠢᠭᠦᠯᠬᠦ ᠶᠢ ᠬᠥᠲᠥᠯᠥᠨ ᠵᠢᠯᠣᠭᠤᠳᠤᠨ᠎ᠠ︔ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭᠠᠨ ᠤ | ᠬᠥᠭᠵᠢᠯᠲᠡ ᠶᠢᠨ ᠬᠡᠪ ᠵᠠᠭᠪᠤᠷ ᠲᠤ ᠰᠢᠨ᠎ᠡ ᠶᠢ ᠡᠭᠦᠳᠴᠦ᠂ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭᠠᠨ ᠤ | ᠲᠦᠷᠭᠡᠨ ᠬᠥᠭᠵᠢᠯᠲᠡ ᠶᠢ ᠠᠬᠢᠭᠤᠯᠤᠨ᠎ᠠ︔ ᠣᠷᠣᠨ ᠪᠦᠰᠡ ᠶᠢᠨ ᠰᠣᠯᠢᠯᠴᠠᠭ᠎ᠠ ᠬᠠᠮᠵᠢᠯᠴᠠᠭ᠎ᠠ ᠶᠢ ᠴᠢᠩᠭᠠᠳᠬᠠᠵᠤ᠂ | ᠲᠡᠷᠢᠭᠦᠨ ᠤ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠪᠠᠷ ᠵᠣᠯᠭᠠᠭᠤᠯᠤᠨ ᠠᠪᠴᠤ᠂ ᠣᠭᠤᠷᠴᠤᠭ ᠬᠠᠷᠢᠶ᠎ᠠ | ᠭᠠᠵᠠᠷ ᠤᠨ ᠠᠵᠤ ᠠᠬᠤᠢ ᠵᠡᠷᠭᠡ ᠠᠰᠢᠭ ᠲᠤᠰᠠ ᠶᠢ ᠬᠠᠮᠲᠤ ᠡᠳ᠋ᠯᠡᠬᠦ ᠬᠡᠪ ᠵᠠᠭᠪᠤᠷ ᠢ ᠬᠠᠶᠢᠨ ᠰᠦᠪᠡᠭᠴᠢᠯᠡᠨ᠎ᠡ᠃ | |