ᠪᠠᠶᠠᠷᠳᠤᠬᠤᠰᠢᠭᠤ ᠪᠠᠯᠭᠠᠰᠤ᠄ ᠡᠷᠦᠬᠡ ᠳᠤ ᠬᠦᠷᠴᠦ ︽ᠵᠤᠬᠰᠤᠰᠢ ᠦᠭᠡᠶ︾ ᠪᠠᠷ ᠠᠷᠠᠳ ᠲᠤ ︽  ᠵᠠᠢ ᠵᠠᠪᠰᠠᠷ ᠦᠭᠡᠢ︾ ᠤᠶᠢᠯᠡᠴᠢᠯᠡᠪᠡ
ᠨᠡᠶᠢᠲᠡᠯᠡᠭᠰᠡᠨ ᠴᠠᠭ᠄
2025/6/5
      ᠣᠶᠢᠷ᠎ᠠ ᠳᠤ᠂ ᠪᠠᠶᠠᠷᠳᠤᠬᠤᠰᠢᠭᠤ ᠪᠠᠯᠭᠠᠰᠤ ︽ᠡᠷᠦᠬᠡ ᠳᠤ ᠣᠷᠣᠬᠤ︾ ᠰᠤᠷᠪᠤᠯᠵᠢᠯᠠᠬᠤ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠪᠠᠯᠭᠠᠰᠤ ᠲᠣᠰᠬᠤᠨ ᠬᠤᠶᠠᠷ ᠱᠠᠲᠤᠨ ᠤ ᠺᠠᠳ᠋ᠷ ᠣᠯᠠᠨ ᠲᠦᠮᠡᠨ ᠤ ᠬᠡᠷ ᠲᠤ ᠬᠦᠷᠴᠦ᠂ ︽ᠬᠠᠨᠵᠤᠨ ᠳᠡᠭᠡᠷ᠎ᠡ ᠰᠠᠭᠤᠵᠤ᠂ ᠵᠣᠭᠤᠭ ᠲᠡᠯᠭᠡᠵᠦ︾ ᠰᠡᠳᠬᠢᠯ ᠢ ᠳᠤᠯᠠᠭᠠᠴᠠᠭᠤᠯᠬᠤ ᠠᠷᠭ᠎ᠠ ᠬᠡᠯᠪᠡᠷᠢ ᠪᠠᠷ ᠣᠯᠠᠨ ᠲᠦᠮᠡᠨ ᠲᠠᠢ ᠨᠢᠭᠤᠷᠳᠠᠨ ᠰᠣᠯᠢᠯᠴᠠᠬᠤ ᠶᠢᠨ ᠬᠠᠮᠲᠤ ᠬᠡᠷ ᠪᠦᠯᠢ ᠶᠢᠨ ᠬᠥᠮᠦᠨ ᠠᠮᠠ ᠶᠢᠨ ᠪᠦᠲᠦᠴᠡ᠂ ᠣᠷᠣᠯᠭ᠎ᠠ ᠶᠢᠨ ᠢᠷᠡᠯᠲᠡ᠂ ᠦᠬᠡᠷ ᠬᠤᠨᠢ ᠢᠮᠠᠭ᠎ᠠ ᠲᠡᠵᠢᠭᠡᠨ ᠦᠷᠡᠵᠢᠭᠦᠯᠬᠦ ᠲᠤᠭ᠎ᠠ ᠬᠡᠮᠵᠢᠶ᠎ᠡ ᠵᠡᠷᠭᠡ ᠦᠨᠳᠦᠰᠦᠨ ᠪᠠᠶᠢᠳᠠᠯ ᠢ ᠨᠠᠷᠢᠨ ᠠᠰᠠᠭᠤᠵᠤ᠂ ᠣᠯᠠᠨ ᠲᠦᠮᠡᠨ ᠤ ᠤᠶᠢᠯᠡᠳᠪᠤᠷᠢᠯᠡᠯ ᠠᠮᠢᠳᠤᠷᠠᠯ᠂ ᠠᠵᠢᠯ ᠣᠯᠭᠤᠯᠲᠠ ᠂ ᠡᠮ ᠡᠮᠨᠡᠯᠭᠡ᠂ ᠰᠤᠷᠭᠠᠨ ᠬᠥᠮᠦᠵᠢᠯ ᠵᠡᠷᠭᠡ ᠲᠠᠯ᠎ᠠ ᠶᠢᠨ ᠬᠦᠴᠢᠷᠳᠡᠯᠲᠡᠶ ᠬᠡᠷᠡᠭᠴᠡᠭᠡ ᠱᠠᠭᠠᠷᠳᠠᠯᠭ᠎ᠠ ᠶᠢ ᠨᠠᠷᠢᠨ ᠣᠶᠢᠯᠠᠭᠠᠵᠤ᠂ ᠰᠠᠨᠠᠯ ᠰᠠᠨᠠᠭᠤᠯᠭ᠎ᠠ ᠶᠢ ᠢᠳᠡᠪᠬᠢᠲᠡᠶ ᠰᠣᠨᠣᠰᠴᠤ᠂ ᠠᠷᠠᠳ ᠤᠨ ᠰᠠᠨᠠᠭ᠎ᠠ ᠬᠦᠰᠡᠯ ᠱᠠᠭᠠᠷᠳᠠᠯᠭ᠎ᠠ ᠪᠠᠨ ᠢᠯᠡᠳᠭᠡᠬᠦ ᠠᠷᠭ᠎ᠠ ᠵᠠᠮ ᠢ ᠤᠯᠠᠮ ᠨᠢᠭᠡ ᠠᠯᠬᠤᠮ ᠰᠢᠯᠤᠭᠤᠳᠬᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠨᠠᠷᠢᠯᠢᠬᠵᠢᠭᠤᠯᠤᠭᠰᠠᠨ ᠬᠢᠷᠢ ᠲᠦᠪᠰᠢᠨ ᠢ ᠳᠡᠭᠡᠭᠰᠢᠯᠡᠭᠦᠯᠪᠡ᠃     
微信图片_20250604110202.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号