ᠴᠢ᠊ · ᠳᠠᠯᠠᠨᠲᠠᠢ ᠠᠬᠤᠢ ᠲᠠᠯᠠᠪᠠᠢ ᠳᠤ ᠲᠥᠪ ᠤᠨ ᠬᠤᠶᠠᠳᠤᠭᠠᠷ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠤᠯᠠᠨ ᠲᠦᠮᠡᠨ ᠤ ᠣᠷᠴᠢᠨ ᠲᠣᠭᠤᠷᠢᠨ ᠤ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠠᠵᠢᠯ ᠢ ᠱᠠᠭᠠᠷᠳᠠᠨ ᠵᠢᠯᠣᠭᠤᠳᠪᠠ
ᠨᠡᠶᠢᠲᠡᠯᠡᠭᠰᠡᠨ ᠴᠠᠭ᠄
2025/6/5
     6 ᠰᠠᠷ᠎ᠠ ᠶᠢᠨ 2 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ᠊ · ᠳᠠᠯᠠᠨᠲᠠᠢ ᠵᠠᠷᠤᠳ ᠬᠤᠰᠢᠭᠤᠨ ᠳᠤ ᠭᠦᠨᠵᠡᠭᠡᠶᠢᠷᠡᠨ ᠲᠥᠪ ᠤᠨ ᠬᠤᠶᠠᠳᠤᠭᠠᠷ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠤᠯᠠᠨ ᠲᠦᠮᠡᠨ ᠤ ᠣᠷᠴᠢᠨ ᠲᠣᠭᠤᠷᠢᠨ ᠤ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠠᠵᠢᠯ ᠢ ᠱᠠᠭᠠᠷᠳᠠᠨ ᠵᠢᠯᠣᠭᠤᠳᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠠᠲᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠼᠦᠢ ᠯᠸᠢ ᠯᠸᠢ᠂ ᠳᠡᠳ᠋ ᠬᠤᠰᠢᠭᠤᠨ ᠳᠠᠷᠤᠭ᠎ᠠ ᠸᠠᠩ ᠾᠧ ᠪᠣᠯᠤᠨ ᠬᠤᠲᠠ ᠬᠤᠰᠢᠭᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠢᠨᠠᠨ ᠵᠢᠯᠣᠭᠤᠳᠬᠤ ᠳᠤ ᠣᠷᠣᠯᠴᠠᠪᠠ᠃     
微信图片_20250604110218.jpg
      ᠴᠢ᠊ · ᠳᠠᠯᠠᠨᠲᠠᠢ ᠨᠠᠷ ᠤᠷᠢᠳ ᠬᠤᠵᠢᠳ ᠳᠣᠯᠣᠲᠤ ᠰᠤᠮᠤᠨ ᠤ ᠳᠣᠯᠣᠲᠤ ᠭᠠᠴᠠᠭ᠎ᠠ ᠪᠣᠯᠤᠨ ᠬᠤᠶᠢᠲᠤ ᠪᠤᠯᠠᠭᠲᠤ ᠭᠠᠴᠠᠭ᠎ᠠ ᠳᠤ ᠬᠦᠷᠴᠦ᠂ ᠤᠯᠠᠨ ᠲᠦᠮᠡᠨ ᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠠᠷᠢᠨ ᠣᠶᠢᠯᠠᠭᠠᠵᠤ᠂ ᠠᠬᠤᠢ ᠲᠠᠯᠠᠪᠠᠢ ᠳᠤ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠰᠤᠳᠤᠯᠤᠭᠰᠠᠨ ᠪᠥᠭᠡᠳ ᠪᠣᠳᠠᠲᠠᠢ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠴᠠᠢ᠃ ᠲᠡᠷᠡ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠲᠦᠷᠦ ᠶᠢᠨ ᠦᠨᠳᠦᠷᠴᠡ ᠠᠴᠠ ᠬᠢᠨᠠᠨ ᠦᠵᠡᠬᠦ᠂ ᠤᠯᠤᠰ ᠲᠦᠷᠦ ᠶᠢᠨ ᠵᠣᠭᠰᠣᠯᠲᠠ ᠠᠴᠠ ᠠᠬᠢᠭᠤᠯᠬᠤ᠂ ᠤᠯᠤᠰ ᠲᠦᠷᠦ ᠶᠢᠨ ᠪᠠᠷᠢᠮᠵᠢᠶ᠎ᠠ ᠪᠠᠷ ᠬᠠᠷᠭᠤᠭᠤᠯᠤᠨ ᠪᠠᠶᠢᠴᠠᠭᠠᠬᠤ᠂ ᠤᠯᠤᠰ ᠲᠦᠷᠦ ᠶᠢᠨ ᠱᠠᠭᠠᠷᠳᠠᠯᠭ᠎ᠠ ᠠᠴᠠ ᠴᠡᠭᠴᠡᠯᠡᠨ ᠰᠠᠶᠢᠵᠢᠷᠠᠭᠤᠯᠬᠤ ᠶᠢ ᠪᠠᠷᠢᠮᠲᠠᠯᠠᠬᠤ ᠬᠡᠷᠡᠭᠲᠡᠢ᠃ ᠡᠯ᠎ᠡ ᠭᠠᠵᠠᠷ ᠣᠷᠣᠨ ᠪᠣᠯᠤᠨ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠪᠡᠶ᠎ᠡ ᠪᠠᠷ ᠢᠶᠠᠨ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠪᠡᠶ᠎ᠡ ᠪᠠᠷ ᠢᠶᠠᠨ ᠪᠠᠶᠢᠷᠢᠯᠠᠭᠤᠯᠤᠨ ᠠᠬᠢᠭᠤᠯᠵᠤ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭ᠎ᠠ ᠪᠣᠳᠠᠲᠠᠶᠢᠵᠢᠭᠤᠯᠵᠤ᠂ ᠡᠭᠦᠷᠭᠡ ᠶᠢ ᠬᠥᠮᠦᠨ ᠳᠤ ᠬᠦᠷᠲᠡᠯ᠎ᠡ ᠬᠤᠪᠢᠶᠠᠷᠢᠯᠠᠨ᠂ ᠬᠠᠷᠢᠭᠤᠴᠠᠯᠭ᠎ᠠ ᠶᠢ ᠠᠵᠢᠯ ᠤᠨ ᠪᠠᠶᠢᠷᠢ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠲᠤᠰᠬᠠᠭᠰᠠᠨ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠳᠤ ᠪᠦᠬᠦᠨ ᠢ ᠬᠠᠮᠤᠷᠤᠨ ᠬᠠᠷᠭᠤᠭᠤᠯᠤᠨ ᠪᠠᠶᠢᠴᠠᠭᠠᠯᠲᠠ ᠬᠢᠵᠦ᠂ ᠠᠰᠠᠭᠤᠳᠠᠯ ᠤᠨ ᠵᠠᠩᠭᠢᠯᠠᠭ᠎ᠠ ᠶᠢ ᠣᠨᠣᠪᠴᠢᠲᠠᠶ ᠡᠷᠢᠨ ᠣᠯᠵᠤ᠂ ᠴᠢᠩᠭ᠎ᠠ᠂ ᠨᠢᠭᠲᠠ᠂ ᠨᠠᠷᠢᠯᠢᠭ᠂ ᠪᠣᠳᠠᠲᠠᠶ ᠰᠤᠷᠲᠠᠯ ᠢᠶᠠᠷ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠣᠯᠠᠨ ᠲᠦᠮᠡᠨ ᠤ ᠲᠤᠰᠬᠠᠭᠰᠠᠨ ᠤᠴᠢᠷ ᠶᠠᠪᠤᠳᠠᠯ ᠪᠣᠯᠭᠠᠨ ᠢ ᠨᠠᠶᠢᠳᠠᠪᠤᠷᠢᠵᠢᠭᠤᠯᠵᠤ᠂ ᠶᠠᠪᠤᠳᠠᠯ ᠪᠣᠯᠭᠠᠨ ᠳᠤ ᠬᠠᠷᠢᠭᠤ ᠥᠭᠴᠦ᠂ ᠴᠡᠭᠴᠡᠯᠡᠨ ᠰᠠᠶᠢᠵᠢᠷᠠᠭᠤᠯᠬᠤ ᠳᠤ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ ᠭᠡᠵᠦ ᠴᠢᠩᠭᠠᠳᠬᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号